ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠷᠣᠨ | ᠰᠠᠭᠤᠴᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠲᠥᠷᠥᠯ ᠵᠦᠶᠯ᠂ ᠵᠡᠭᠡᠯᠢ ᠳᠠᠭᠠᠤ | ᠡᠭᠦᠳᠡᠨ ᠳᠡᠯᠭᠡᠭᠦᠷ᠂ ︽ᠶᠢᠰᠦᠨ ᠵᠢᠵᠢᠭ ᠲᠠᠯᠠᠪᠤᠷ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠬᠦᠢ | ᠦᠶᠯᠡᠳᠪᠦᠷᠢᠯᠡᠯ ᠤᠨ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ | ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠳᠤ ︽ᠡᠬᠡ ᠲᠠᠩᠰᠠ ᠶᠢᠨ ᠬᠡᠯᠪᠡᠷᠢ︾ | ᠶᠢᠨ ᠬᠠᠮᠢᠶᠠᠷᠤᠯᠲᠠ ᠶᠢ ᠬᠡᠷᠡᠭᠵᠢᠬᠦᠯᠪᠡ᠃ ᠣᠳᠣᠬᠠᠨ ᠪᠣᠯᠲᠠᠯ᠎ᠠ᠂ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ | ᠳᠤᠭᠤᠶᠢᠯᠠᠩ ᠳᠠᠭᠠᠭᠤᠯᠤᠨ ᠠᠶᠤᠯᠬᠦᠢ ᠦᠶᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠶᠢ ᠨᠡᠶᠢᠲᠡ 11 | ᠤᠳᠠᠭ᠎ᠠ ᠥᠷᠨᠢᠭᠦᠯᠵᠦ᠂ ᠠᠵᠤ ᠠᠬᠤᠶᠢᠯᠠᠯ ᠬᠤᠳᠠᠯᠳᠤᠭᠠᠨ ᠤ ᠡᠷᠦᠬᠡ ᠳᠤ ᠠᠶᠤᠯᠬᠦᠢ ᠶᠢᠨ ᠪᠠᠶᠢᠴᠠᠭᠠᠯᠲᠠ ᠶᠢ | ᠨᠡᠶᠢᠲᠡ 1536 ᠤᠳᠠᠭ᠎ᠠ ᠥᠷᠨᠢᠭᠦᠯᠵᠦ᠂ 744 ᠬᠡᠮ ᠰᠤᠭᠤᠭ ᠢ ᠢᠯᠡᠷᠡᠭᠦᠯᠵᠦ᠂ ᠣᠯᠠᠨ ᠲᠦᠮᠡᠨ ᠳᠤ ᠠᠮᠤᠷ | ᠲᠣᠭᠲᠠᠭᠤᠨ᠂ ᠡᠶ᠎ᠡ ᠨᠠᠶᠢᠷᠠᠮᠳᠠᠭᠤ᠂ ᠡᠮᠬᠢ ᠵᠢᠷᠤᠮ ᠲᠠᠢ ᠬᠠᠷᠢᠶ᠎ᠠ ᠣᠷᠣᠨ ᠤ ᠣᠷᠴᠢᠨ ᠲᠣᠭᠤᠷᠢᠨ ᠢ ᠪᠣᠶ ᠪᠣᠯᠭᠠᠵᠤ | ᠥᠭᠪᠡ᠃ ︵ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |