ᠬᠥᠨᠳᠡᠯᠡᠨ ᠲᠣᠭᠤᠷᠢᠭ ︽ᠪᠠᠶᠢᠭᠤᠯᠬᠤ ᠬᠠᠮᠢᠶᠠᠷᠬᠤ ᠬᠡᠷᠡᠭᠯᠡᠬᠦ︾ ᠤᠶᠤᠨ ᠤᠬᠠᠭᠠᠨ ᠢᠶᠠᠷ ᠨᠡᠶᠢᠭᠡᠮ ᠲᠣᠭᠤᠷᠢᠭ ᠠᠴᠠ ᠬᠦᠮᠦᠵᠢᠬᠦᠯᠦᠨ ᠵᠠᠯᠠᠷᠠᠭᠤᠯᠬᠤ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠭᠦᠨᠵᠡᠭᠡᠢ ᠠᠭᠤᠰᠤᠯᠴᠠᠬᠤ ᠳᠤ ᠬᠦᠴᠦᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2024/12/14
     ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽1 + 6 + N︾ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠠᠵᠢᠯ ᠤᠨ ᠤᠶᠤᠨᠴᠢᠯᠠᠬᠰᠠᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠨᠢᠭᠡ ᠳᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ︽ᠭᠤᠷᠪᠠᠨ ᠲᠣᠭᠤᠷᠢᠭ ᠠᠷᠪᠠᠨ ᠨᠠᠢᠮᠠᠨ ᠲᠠᠰᠤᠭ︾ ᠤᠨ ᠪᠠᠶᠢᠷᠢᠰᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠵᠦ᠂ ᠠᠯᠤᠰ ᠡᠵᠡᠮᠰᠢᠯᠲᠦ ᠸᠢᠳᠢᠤ᠋ ᠶᠢᠨ ᠬᠢᠨᠠᠨ ᠪᠠᠶᠢᠴᠠᠭᠠᠬᠤ ᠲᠥᠬᠦᠭᠡᠷᠦᠮᠵᠢ᠂ ᠠᠦ᠋ᠲ᠋ᠤ᠋ ᠬᠦᠮᠦᠵᠢᠬᠦᠯᠦᠨ ᠵᠠᠯᠠᠷᠠᠭᠤᠯᠬᠤ ᠦᠵᠦᠭᠦᠷᠯᠢᠭ᠂ ᠰᠡᠳᠬᠢᠴᠡ ᠶᠢᠨ ᠬᠦᠮᠦᠵᠢᠬᠦᠯᠦᠨ ᠵᠠᠯᠠᠷᠠᠭᠤᠯᠬᠤ ᠲᠥᠬᠦᠭᠡᠷᠦᠮᠵᠢ ᠵᠡᠷᠭᠡ ᠮᠡᠳᠡᠭᠡ ᠵᠠᠩᠭᠢᠵᠢᠯᠲᠠ ᠶᠢᠨ ᠲᠤᠨᠤᠭ ᠲᠥᠬᠦᠭᠡᠷᠦᠮᠵᠢ ᠶᠢ ᠳᠣᠭᠢᠷᠠᠭᠤᠯᠵᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠳᠤᠷᠠᠨ ᠨᠡᠶᠢᠭᠡᠮ ᠲᠣᠭᠤᠷᠢᠭ ᠲᠤ ᠰᠠᠭᠤᠭ᠎ᠠ ᠬᠦᠮᠦᠵᠢᠬᠦᠯᠦᠨ ᠵᠠᠯᠠᠷᠠᠭᠤᠯᠭ᠎ᠠ ᠶᠢᠨ ᠲᠥᠪ ᠤᠨ ᠪᠠᠶᠢᠴᠠᠭᠠᠬᠤ ᠲᠠᠰᠤᠭ ᠪᠠ ᠴᠠᠭᠳᠠᠭᠠᠨ ᠤ ᠶᠠᠪᠤᠳᠠᠯ ᠤᠨ ᠬᠠᠷᠢᠯᠴᠠᠬᠤ ᠲᠠᠰᠤᠭ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠪᠠ᠃ ᠬᠤᠶᠠᠷ ᠲᠤ᠂ ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠪᠠ᠃ ᠲᠣᠭᠤᠷᠢᠭ ᠤᠨ ᠪᠠᠶᠢᠴᠠᠭᠠᠬᠤ ᠬᠤᠷᠢᠶ᠎ᠠ  ᠲᠠᠢ ᠬᠤᠯᠪᠤᠭᠠᠯᠠᠨ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠡᠲᠡᠭᠡᠳ ᠤᠨ ᠲᠤᠬᠠᠶ ᠶᠢᠨ ᠲᠠᠯᠠᠪᠤᠷ ᠤᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠡᠲᠡᠭᠡᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠴᠢᠩᠭᠠᠳᠬᠠᠪᠠ᠃ ᠣᠳᠣᠬᠠᠨ ᠳᠤ ᠨᠢᠭᠡᠨᠲᠡ 91 ᠲᠠᠯᠠᠪᠤᠷ ᠤᠳᠠᠭ᠎ᠠ ᠲᠥᠪᠯᠡᠷᠡᠭᠦᠯᠦᠨ ᠬᠥᠮᠦᠵᠢᠭᠦᠯᠵᠦ᠂ 1155 ᠬᠥᠮᠦᠨ ᠤᠳᠠᠭ᠎ᠠ ᠳᠤ ᠣᠨᠴᠠ ᠵᠠᠷᠢᠮ ᠬᠥᠮᠦᠵᠢᠯ ᠢ ᠥᠷᠨᠢᠭᠦᠯᠪᠡ᠃ ᠭᠤᠷᠪᠠ ᠳᠤ᠂ ︽ᠤᠶᠤᠨ ᠤᠬᠠᠭᠠᠨ ᠢᠶᠠᠷ ᠬᠦᠮᠦᠵᠢᠭᠦᠯᠦᠨ ᠵᠠᠯᠠᠷᠠᠭᠤᠯᠬᠤ︾ ᠶᠢ ᠰᠠᠶᠢᠲᠤᠷ ᠠᠰᠢᠭᠯᠠᠵᠤ ᠬᠦᠮᠦᠵᠢᠬᠦᠯᠦᠨ ᠵᠠᠯᠠᠷᠠᠭᠤᠯᠬᠤ ᠲᠦᠪᠰᠢᠨ ᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠭ᠎ᠠ ᠶᠢ ᠨᠢᠭᠡ ᠴᠣᠭᠴᠠᠵᠢᠭᠤᠯᠬᠤ ᠲᠠᠪᠴᠠᠩ ᠪᠠ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠲᠣᠮᠣ ᠳ᠋ᠠᠶᠢᠲ᠋ᠠ ᠶᠢᠨ ᠰᠢᠰᠲ᠋ᠧᠮ ᠤᠨ ᠳᠠᠪᠠᠭᠤᠯᠢᠭ ᠦᠶᠯᠡᠳᠦᠯ ᠢ ᠪᠠᠳᠠᠷᠠᠭᠤᠯᠵᠤ᠂ ᠨᠡᠶᠢᠭᠡᠮ ᠲᠤᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠡᠲᠡᠭᠡᠳ ᠲᠤ ᠪᠥᠬᠦ ᠲᠤᠬᠠᠶᠢᠯᠠᠭᠰᠠᠨ ᠠᠵᠢᠯ ᠤᠨ᠂ ᠪᠥᠬᠦ ᠦᠶᠡᠯᠡᠯ ᠤᠨ ᠬᠤᠭᠤᠴᠠᠭ᠎ᠠ ᠶᠢᠨ᠂ ᠪᠥᠬᠦ ᠶᠠᠪᠤᠴᠠ ᠶᠢᠨ᠂ ᠪᠥᠬᠦ ᠲᠠᠯ᠎ᠠ ᠶᠢᠨ ᠬᠠᠮᠢᠶᠠᠷᠤᠯᠲᠠ ᠶᠢ ᠪᠡᠶᠡᠯᠡᠭᠦᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠣᠶᠤᠨᠴᠢ ᠨᠢᠭᠡ ᠴᠣᠭᠴᠠᠵᠢᠭᠰᠠᠨ ᠲᠠᠪᠴᠠᠩ ᠳᠤ     ᠲᠦᠰᠢᠭᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠠᠰ ᠳᠠᠷᠠᠭᠠᠯᠠᠯ ᠢᠶᠠᠷ ᠰᠢᠯᠵᠢᠭᠦᠯᠬᠦ᠂ ᠰᠤᠷᠭᠠᠨ ᠬᠥᠮᠦᠵᠢᠬᠦᠯᠵᠦ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠢ ᠨᠡᠪᠲᠡᠷᠡᠯᠴᠡᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠠ᠃ ᠣᠳᠣᠬᠠᠨ ᠳᠤ᠂ ᠡᠷᠡᠭᠦᠦ ᠶᠢᠨ ᠬᠡᠷᠡᠭ ᠤᠨ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠭ᠎ᠠ ᠶᠢᠨ ᠰᠦᠯᠵᠢᠶᠡᠨ ᠲᠡᠭᠡᠷ᠎ᠡ ᠬᠦᠢᠴᠡᠳᠬᠡᠬᠦ ᠨᠣᠷᠮ᠎ᠠ ᠪᠠ ᠡᠷᠡᠭᠦᠦ ᠶᠢᠨ ᠬᠡᠷᠡᠭ ᠤᠨ ᠨᠠᠶᠢᠳᠠᠵᠤ ᠪᠠᠶᠢᠴᠠᠭᠠᠨ ᠦᠨᠡᠯᠡᠭᠦᠯᠬᠦ ᠰᠦᠯᠵᠢᠶᠡᠨ ᠲᠡᠭᠡᠷ᠎ᠡ ᠬᠦᠢᠴᠡᠳᠬᠡᠬᠦ ᠨᠣᠷᠮ᠎ᠠ ᠴᠥᠮ 100% ᠳᠤ ᠬᠦᠷᠴᠡᠶ᠃ ︵ᠬᠠᠤᠯᠢ ᠴᠠᠭᠠᠵᠠ ᠶᠢᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号