ᠬᠥᠨᠳᠡᠯᠡᠨ ᠲᠣᠭᠤᠷᠢᠭ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ︽ᠠᠮᠤᠷ ᠲᠦᠪᠰᠢᠨ ᠤ ᠬᠡᠷᠡᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/12/14
     ᠪᠥᠬᠦ ᠲᠤᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠬᠢᠬᠦ ᠶᠢᠨ ᠲᠦᠯᠦᠬᠡ᠂ ︽ᠪᠠᠯᠭᠠᠰᠤ ᠶᠢᠨ ᠱᠠᠲᠤᠨ ᠤ ᠣᠶ ᠰᠢᠭᠤᠢ ᠶᠢᠨ ᠳᠠᠷᠤᠭ᠎ᠠ + ᠲᠣᠰᠬᠤᠨ ᠤ ᠱᠠᠲᠤᠨ ᠤ ᠣᠶ ᠰᠢᠭᠤᠢ ᠶᠢᠨ ᠳᠠᠷᠤᠭ᠎ᠠ + ᠲᠣᠰᠬᠤᠨ ᠢ ᠳᠠᠭᠠᠭᠠᠴᠢᠯᠠᠭᠰᠠᠨ ᠺᠠᠳ᠋ᠷ + ᠣᠶ ᠰᠢᠭᠤᠶ ᠬᠠᠮᠠᠭᠠᠯᠠᠭᠴᠢ + ᠲᠡᠵᠢᠭᠡᠨ ᠦᠷᠡᠵᠢᠭᠦᠯᠬᠦ ᠡᠷᠦᠬᠡ︾ ᠶᠢᠨ ᠠᠵᠢᠯ ᠤᠨ ᠲᠣᠭᠲᠠᠴᠠ ᠶᠣᠰᠣᠭᠠᠷ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠪᠠ᠃ ᠨᠢᠭᠡ ᠳᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠪᠠ᠃ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠲᠣ ᠶᠢᠨ ᠪᠠᠶᠢᠭ᠎ᠠ ᠬᠠᠮᠢᠶᠠᠷᠤᠯᠲᠠ ᠶᠢᠨ ᠡᠬᠢ ᠪᠠᠶᠠᠯᠢᠭ ᠢᠶᠠᠨ ᠨᠡᠶᠢᠳᠬᠡᠵᠦ᠂ ᠰᠢᠶᠠᠩ ᠪᠠᠯᠭᠠᠰᠤ᠂ ᠲᠣᠰᠬᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠤᠷ ᠤᠨ ᠪᠠᠶᠢᠭᠤᠯᠤᠯᠲᠠ ᠶᠢ ᠠᠬᠢᠭᠤᠯᠤᠨ᠂ ᠬᠠᠷᠢᠶ᠎ᠠ ᠣᠷᠣᠨ ᠳᠤ ᠪᠠᠨ ᠲᠤᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠨᠢ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠥᠷᠲᠡᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠲᠣᠭᠤᠷᠢᠨ ᠪᠠᠶᠢᠴᠠᠭᠠᠬᠤ ᠶᠢ ᠥᠷᠨᠢᠭᠦᠯᠦᠨ᠂ ᠲᠠᠰᠤᠯᠳᠠᠭᠤᠯᠤᠯ ᠥᠬᠡᠶ ᠲᠣᠭᠤᠷᠢᠨ ᠪᠠᠶᠢᠴᠠᠭᠠᠬᠤ᠂ ᠤᠲᠠᠰᠤ ᠪᠠᠷ ᠢᠯᠡᠴᠢᠯᠡᠨ ᠮᠡᠳᠡᠭᠦᠯᠬᠦ᠂ ᠬᠠᠮᠲᠤᠷᠠᠨ ᠬᠡᠷᠡᠭ ᠰᠢᠶᠳᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠪᠥᠬᠦ ᠲᠤᠭᠤᠷᠢᠭ ᠲᠤ ᠦᠨᠴᠦᠭ ᠪᠤᠯᠤᠩ ᠦᠯᠡᠳᠡᠭᠡᠬᠦ ᠦᠬᠡᠢ ᠲᠤᠶᠢᠯᠪᠤᠷᠢᠳᠠᠢ ᠥᠨᠳᠥᠷ ᠳᠠᠪᠲᠠᠮᠵᠢ ᠲᠠᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠪᠡ᠃ ᠡᠨᠡ ᠵᠢᠯ ᠠᠴᠠ ᠨᠠᠭᠠᠰᠢ᠂ ᠰᠤᠯᠠ ᠲᠠᠯᠪᠢᠵᠤ ᠪᠡᠯᠴᠢᠭᠡᠷᠯᠡᠬᠦᠯᠦᠭᠰᠡᠨ 22 ᠬᠡᠷᠡᠭ ᠢ ᠪᠠᠶᠢᠴᠠᠭᠠᠨ ᠰᠢᠶᠳᠪᠦᠷᠢᠯᠡᠵᠦ᠂ 21 ᠲᠡᠵᠢᠭᠡᠨ ᠦᠷᠡᠵᠢᠭᠦᠯᠬᠦ ᠡᠷᠦᠬᠡ ᠶᠢ ᠰᠢᠢᠳᠬᠡᠵᠤ᠂ 37440 ᠲᠥᠭᠦᠷᠢᠭ ᠤᠨ ᠵᠣᠭᠤᠰ ᠢᠶᠠᠷ ᠲᠣᠷᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠱᠠᠯᠠᠪᠳᠠᠭᠤᠯᠵᠤ 1000 ᠭᠠᠷᠤᠶ ᠬᠤᠨᠢ ᠬᠤᠳᠠᠯᠳᠤᠭᠤᠯᠵᠤ᠂ 3 ᠡᠷᠦᠬᠡ ᠶᠢᠨ ᠲᠡᠵᠢᠭᠡᠨ ᠦᠷᠡᠵᠢᠭᠦᠯᠬᠦ ᠲᠤᠨᠤᠭ ᠲᠦᠬᠦᠬᠡᠷᠦᠮᠵᠢ ᠶᠢ ᠲᠡᠭᠦᠯᠳᠡᠷᠵᠢᠭᠦᠯᠪᠡ᠃ ᠬᠤᠶᠠᠷ ᠲᠤ᠂ ᠲᠡᠵᠢᠭᠡᠨ ᠦᠷᠡᠵᠢᠭᠦᠯᠬᠦ ᠦᠨᠳᠦᠰᠦᠨ ᠲᠤᠭ᠎ᠠ ᠶᠢ ᠲᠣᠳᠣᠷᠬᠠᠶ ᠣᠶᠢᠯᠠᠭᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠪᠠ᠃ ᠬᠠᠷᠢᠶ᠎ᠠ ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠡᠷᠦᠬᠡ ᠪᠠ ᠦᠬᠡᠷ᠂ ᠬᠤᠨᠢ ᠶᠢᠨ ᠲᠤᠭ᠎ᠠ ᠬᠡᠮᠵᠢᠶ᠎ᠡ ᠶᠢ ᠲᠣᠳᠣᠷᠬᠠᠶ ᠣᠶᠢᠯᠠᠭᠠᠪᠠ᠃ ᠡᠭᠦᠨ ᠤ ᠬᠠᠮᠲᠤ᠂ ︽ᠤᠬᠠᠭᠤᠯᠤᠨ ᠬᠥᠲᠥᠯᠥᠨ ᠵᠢᠯᠣᠭᠤᠳᠬᠤ ᠪᠠᠷ ᠭᠤᠤᠯ ᠪᠣᠯᠭᠠᠵᠤ᠂ ᠵᠠᠯᠬᠠᠭᠠᠨ ᠰᠢᠢᠳᠬᠡᠵᠦ ᠰᠢᠶᠳᠪᠦᠷᠢᠯᠡᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠷᠢᠶ᠎ᠠ ᠯᠣᠽᠦ᠋ᠩ ᠤᠨ ᠪᠢᠴᠢᠭᠡᠰᠦ ᠡᠯᠬᠦᠬᠦ᠂ ᠷᠠᠳᠢᠣ᠋ ᠲᠧᠯᠸᠢᠰ᠂ ᠸᠢᠴᠠᠲ ᠨᠡᠶᠢᠲᠡ ᠶᠢᠨ ᠲᠡᠪᠴᠠᠩ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ︾ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠥᠷᠭᠡᠨ ᠣᠯᠠᠨ ᠲᠣᠰᠬᠤᠨ ᠤ ᠠᠷᠠᠳ ᠤᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 3200 ᠭᠠᠷᠤᠶ ᠬᠤᠪᠢ ᠲᠠᠷᠬᠠᠭᠠᠵᠤ᠂ 5 ᠵᠤᠷᠪᠤᠰ ᠪᠢᠴᠢᠭᠡᠰᠦ ᠡᠯᠭᠦᠵᠦ᠂ 5 ᠤᠬᠠᠭᠤᠯᠭ᠎ᠠ ᠶᠢᠨ ᠫᠠᠶᠢᠰᠠ ᠪᠤᠰᠬᠠᠵᠤ᠂ ᠸᠢᠴᠠᠲ ᠢᠶᠠᠷ ᠳᠠᠮᠵᠢᠭᠤᠯᠤᠨ ᠬᠦᠷᠭᠡᠵᠦ᠂  ᠬᠦᠯᠢᠶᠡᠨ ᠠᠪᠴᠤ ᠤᠩᠰᠢᠬᠰᠠᠨ ᠬᠡᠮᠵᠢᠶ᠎ᠡ 974 ᠤᠳᠠᠭ᠎ᠠ ᠳᠤ ᠬᠦᠷᠴᠡᠶ᠃ ︵ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号