ᠬᠥᠨᠳᠡᠯᠡᠨ ᠲᠣᠭᠤᠷᠢᠭ ᠲᠡᠷᠢᠭᠦᠨ ᠵᠡᠷᠭᠡ ᠶᠢᠨ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠭᠦᠳᠴᠦ ᠪᠤᠢ
ᠨᠡᠶᠢᠲᠡᠯᠡᠭᠰᠡᠨ ᠴᠠᠭ᠄
2024/12/14
     ᠨᠢᠭᠡ ᠳᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠤ ︽ᠤᠶᠤᠨᠴᠢ ᠬᠦᠢᠴᠡᠳᠬᠡᠬᠦ︾ ᠶᠢ ᠪᠡᠶᠡᠯᠡᠬᠦᠯᠪᠡ᠃ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠡᠯᠧᠺᠲᠷᠣᠨ ᠭᠡᠷᠡᠴᠢ ᠦᠨᠡᠮᠯᠡᠯ ᠤᠨ ᠲᠥᠷᠥᠯ ᠵᠦᠶᠯ ᠪᠠ ᠲᠤᠭ᠎ᠠ ᠬᠡᠮᠵᠢᠶ᠎ᠡ ᠶᠢ ᠥᠷᠭᠡᠳᠬᠡᠨ᠂ ᠥᠨᠳᠥᠷ ᠳᠠᠪᠲᠠᠮᠵᠢ ᠲᠠᠢ ᠬᠡᠷᠡᠭᠯᠡᠬᠦ ᠭᠡᠷᠡᠴᠢ ᠦᠨᠡᠮᠯᠡᠯ ᠢ ᠡᠯᠧᠺᠲᠷᠣᠨᠵᠢᠭᠦᠯᠬᠦ ᠶᠢ ᠠᠬᠢᠭᠤᠯᠪᠠ᠃ ᠣᠲᠣ ᠪᠣᠯᠲᠠᠯ᠎ᠠ᠂ ᠬᠥᠨᠳᠡᠯᠡᠨ ᠲᠣᠭᠤᠷᠢᠭ ᠤᠨ ᠲᠣᠰ ᠭᠠᠵᠠᠷ ᠤᠷᠤᠨ ᠤ 56 ᠲᠦᠮᠡᠨ ᠤᠳᠠᠭ᠎ᠠ ᠶᠢᠨ ᠡᠯᠧᠺᠲᠷᠣᠨ ᠦᠨᠡᠮᠯᠡᠯ ᠢ ᠵᠦᠪᠰᠢᠶᠡᠷᠡᠨ ᠣᠯᠭᠤᠵᠤ᠂ ᠦᠨᠡᠮᠯᠡᠯ ᠤᠯᠭᠤᠵᠤ ᠬᠦᠴᠦᠨ ᠲᠠᠢ ᠪᠤᠯᠭᠠᠬᠰᠠᠨ ᠨᠣᠷᠮ᠎ᠠ 99.79% ᠳᠤ ᠬᠦᠷᠴᠦ᠂ ᠨᠢᠭᠡᠨᠲᠡ 41 ᠵᠦᠶᠯ ᠤᠨ ᠡᠯᠧᠺᠲᠷᠣᠨ ᠦᠨᠡᠮᠯᠡᠯ ᠤᠨ ᠵᠦᠶᠯᠡᠰ ᠢ ᠬᠡᠷᠡᠭᠯᠡᠭᠰᠡᠨ ᠪᠠᠶᠢᠨ᠎ᠠ᠃ ᠬᠤᠶᠠᠷ ᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ ᠪᠠᠷ ᠨᠢᠬᠡᠳᠦᠯᠳᠡᠢ ᠭᠦᠶᠴᠡᠳᠬᠡᠬᠦ︾ ᠶᠢ ᠭᠦᠨᠵᠡᠭᠡᠶᠢᠷᠡᠭᠦᠯᠪᠡ᠃ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠨᠢᠭᠡᠳᠦᠯᠲᠡᠶ ᠵᠠᠮ ᠰᠤᠪᠠᠭ ᠢ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠶᠢ ᠬᠠᠷᠢᠯᠴᠠᠨ ᠠᠭᠤᠰᠣᠯᠴᠠᠭᠤᠯᠵᠦ᠂ ︽ᠨᠢᠭᠡ ᠰᠦᠯᠵᠢᠶ᠎ᠡ ᠪᠠᠷ ᠭᠥᠯᠢᠶᠡᠨ ᠠᠪᠴᠤ     ᠭᠦᠶᠴᠡᠳᠬᠡᠬᠦ᠂ ᠨᠢᠭᠡᠯᠡ ᠤᠳᠠᠭ᠎ᠠ ᠬᠦᠶᠦᠯᠬᠡᠬᠦ᠂ ᠨᠢᠭᠡᠯᠡ ᠤᠳᠠᠭ᠎ᠠ ᠳᠤ ᠭᠦᠶᠴᠡᠳᠬᠡᠵᠦ ᠲᠠᠭᠤᠰᠬᠠᠬᠤ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠪᠠ᠃ 1662 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ 98.98% ᠶᠢ ᠰᠦᠯᠵᠢᠶ᠎ᠡ ᠪᠠᠷ ᠭᠤᠶᠤᠴᠢᠯᠠᠬᠤ ᠪᠠ ᠭᠦᠶᠴᠡᠳᠬᠡᠬᠦ ᠶᠢ ᠪᠡᠶᠡᠯᠡᠭᠦᠯᠵᠦ᠂ 345 ᠵᠠᠰᠠᠭ ᠵᠠᠬᠢᠷᠭᠠᠨ ᠤ ᠵᠥᠪᠰᠢᠶᠡᠷᠡᠬᠦ ᠵᠦᠶᠯᠡᠰ ᠢ ᠲᠡᠷᠡ ᠲᠤᠤᠷ᠎ᠠ ᠨᠢ ᠭᠦᠶᠴᠡᠳᠬᠡᠬᠦ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠵᠥᠪᠰᠢᠶᠡᠷᠡᠬᠦ ᠲᠥᠷᠥᠯ ᠤᠨ ᠵᠦᠶᠯᠡᠰ ᠢ ᠪᠠᠷᠢᠨ ᠭᠦᠶᠴᠡᠳᠬᠡᠬᠦ ᠨᠣᠷᠮ᠎ᠠ ᠶᠢ 67.83% ᠳᠡᠭᠡᠭᠰᠢᠯᠡᠭᠦᠯᠵᠦ᠂ ᠬᠦᠢᠴᠡᠳᠬᠡᠬᠦ ᠴᠠᠭ ᠤᠨ ᠬᠢᠵᠠᠭᠠᠷ ᠢ ᠪᠤᠭᠤᠨᠢᠰᠬᠠᠬᠰᠠᠨ ᠨᠣᠷᠮ᠎ᠠ ᠶᠢ 85.67% ᠳᠤ ᠬᠦᠷᠴᠡᠢ᠃ ᠭᠤᠷᠪᠠ ᠳᠤ᠂ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠭᠦᠶᠴᠡᠳᠬᠡᠬᠦ ᠳᠤ ︽ᠮᠠᠲ᠋ᠧᠷᠢᠶᠠᠯ ᠳᠤᠲᠠᠭᠳᠠᠵᠤ ᠪᠠᠶᠢᠬᠤ ᠶᠢ ᠠᠭᠤᠴᠢᠯᠠᠨ ᠭᠦᠶᠴᠡᠳᠬᠡᠬᠦ︾ ᠶᠢ ᠲᠡᠭᠦᠯᠳᠡᠷᠵᠢᠭᠦᠯᠪᠠ᠃ ᠮᠠᠲ᠋ᠧᠷᠢᠶᠠᠯ ᠳᠤᠲᠠᠭᠳᠠᠵᠤ ᠪᠠᠶᠢᠬᠤ ᠶᠢ ᠠᠭᠤᠴᠢᠯᠠᠵᠤ ᠳᠠᠷᠠᠭ᠎ᠠ ᠨᠢ ᠨᠦᠬᠦᠪᠦᠷᠢᠯᠡᠨ ᠲᠤᠰᠢᠶᠠᠵᠤ ᠪᠤᠯᠬᠤ ᠬᠢᠨᠠᠨ ᠵᠥᠪᠰᠢᠶᠡᠷᠡᠬᠦ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠮᠠᠲ᠋ᠧᠷᠢᠶᠠᠯ ᠳᠤᠲᠠᠭᠳᠠᠵᠤ ᠪᠠᠶᠢᠬᠤ ᠶᠢ ᠠᠭᠤᠴᠢᠯᠠᠬᠤ 149 ᠵᠦᠶᠯᠡᠰ ᠢ ᠨᠡᠶᠢᠳᠡᠯᠡᠵᠤ᠂ ︽ᠨᠠᠭᠠᠰᠢ ᠴᠠᠭᠠᠰᠢ ᠶᠠᠪᠤᠬᠤ ᠦᠬᠡᠢ ᠪᠠᠷ ᠬᠦᠢᠴᠡᠳᠬᠡᠬᠦ︾ ᠵᠠᠬᠢᠳᠠᠯ ᠤᠨ ᠳᠤᠭᠲᠤᠢ ᠶᠢ ᠵᠢᠷᠤᠵᠤ ᠲᠥᠯᠥᠪᠯᠡᠨ᠂ ᠮᠠᠲ᠋ᠧᠷᠢᠶᠠᠯ ᠳᠤᠲᠠᠭᠳᠠᠵᠤ ᠪᠠᠶᠢᠬᠤ ᠶᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ ᠶᠢ ᠬᠡᠷᠡᠭᠵᠢᠭᠦᠯᠵᠦ᠂ ︽ ᠬᠡᠳᠦᠷᠡᠬᠦ ᠳᠡᠭᠡᠨ ᠨᠢᠭᠡ ᠤᠳᠠᠭ᠎ᠠ ᠬᠦᠶᠦᠯᠬᠡᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ︽ᠤᠶᠤᠨᠴᠢ + ᠦᠨᠡᠨᠴᠢ ᠢᠲᠡᠭᠡᠮᠵᠢ︾ ᠶᠢᠨ ᠰᠢᠨ᠎ᠡ ᠬᠡᠯᠪᠡᠷᠢ ᠶᠢᠨ ᠠᠵᠢᠯ ᠶᠠᠪᠤᠳᠠᠯ ᠭᠦᠶᠴᠡᠳᠬᠡᠬᠦ ᠵᠠᠭᠪᠤᠷ ᠢ ᠪᠡᠶᠡᠴᠢᠯᠡᠨ ᠣᠶᠢᠯᠠᠭᠠᠭᠤᠯᠪᠠ᠃ ᠡᠨᠡ ᠵᠢᠯ ᠠᠴᠠ ᠨᠠᠭᠠᠰᠢ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ ᠮᠠᠲ᠋ᠧᠷᠢᠶᠠᠯ ᠳᠤᠲᠠᠭᠳᠠᠵᠤ ᠪᠠᠶᠢᠬᠤ ᠶᠢ ᠠᠭᠤᠴᠢᠯᠠᠬᠤ ᠵᠦᠶᠯᠡᠰ ᠢ ᠨᠡᠶᠢᠲᠡ 872 ᠤᠳᠠᠭ᠎ᠠ ᠭᠥᠯᠢᠶᠡᠨ ᠠᠪᠴᠤ ᠰᠢᠶᠳᠪᠦᠷᠢᠯᠡᠪᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号