ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ 5 ᠭᠤᠤᠯᠳᠠᠯᠭ᠎ᠠ ᠲᠠᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠠᠭᠠᠷ ᠮᠠᠨᠳᠠᠯ ᠢ ᠪᠣᠬᠢᠷᠲᠤᠭᠤᠯᠬᠤ ᠶᠢ ᠭᠦᠨᠵᠡᠭᠡᠶ ᠵᠠᠰᠠᠬᠤ ᠲᠥᠷᠥᠯ | ᠵᠦᠶᠯ ᠪᠠ 13 ᠰᠢᠲᠠᠮᠠᠬᠠᠶ ᠬᠡᠶ ᠶᠢᠨ ᠭᠦᠸᠧᠯᠦ ᠶᠢ ᠳᠤᠤᠷ᠎ᠠ ᠠᠽᠣᠲ ᠤᠨ ᠪᠤᠯᠭᠠᠨ ᠥᠭᠡᠷᠡᠴᠢᠯᠡᠬᠦ ᠶᠢ ᠪᠡᠶᠡᠯᠡᠭᠦᠯᠪᠡ᠃ | ᠣᠳᠣᠬᠠᠨ ᠳᠤ 715 ᠡᠷᠦᠬᠡ ᠶᠢᠨ ᠨᠡᠭᠦᠷᠡᠰᠦ ᠰᠢᠳᠠᠭᠠᠬᠤ ᠶᠢ ᠴᠠᠬᠢᠯᠭᠠᠨ ᠭᠡᠷᠡᠭᠯᠡᠬᠦ ᠪᠣᠯᠭᠠᠨ ᠥᠭᠡᠷᠡᠴᠢᠯᠡᠬᠦ ᠲᠤᠨᠤᠭ | ᠲᠥᠬᠦᠭᠡᠷᠦᠮᠵᠢ ᠶᠢ ᠤᠭᠰᠠᠷᠠᠬᠤ ᠪᠠ ︽ᠴᠠᠬᠢᠯᠭᠠᠨ ᠬᠡᠷᠡᠭᠯᠡᠬᠦ ᠤᠷᠬᠢᠯ ᠤᠨ ᠬᠤᠭᠤᠴᠠᠭ᠎ᠠ ᠪᠠ ᠬᠠᠮᠤᠭ ᠤᠨ ᠲᠤᠤᠷ᠎ᠠ | ᠬᠤᠭᠤᠴᠠᠭ᠎ᠠ ᠪᠠᠷ ᠢᠯᠭᠠᠵᠤ ᠪᠤᠳᠤᠬᠤ ᠴᠠᠬᠢᠯᠭᠠᠨ ᠬᠡᠮᠵᠢᠭᠦᠷ︾ ᠪᠤᠯᠭᠠᠨ ᠥᠭᠡᠷᠡᠴᠢᠯᠡᠨ ᠵᠠᠰᠠᠬᠤ ᠠᠵᠢᠯ ᠢ ᠨᠢᠭᠡᠨᠲᠡ | ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠲᠡᠷᠭᠡ ᠶᠢ 106 ᠤᠳᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ 234 | ᠭᠠᠷᠤᠢ ᠬᠥᠮᠦᠨ ᠤᠳᠠᠭ᠎ᠠ ᠬᠥᠳᠡᠯᠭᠡᠵᠦ᠂ ᠰᠤᠯᠠ ᠨᠡᠭᠦᠷᠡᠰᠦ ᠶᠢ ᠬᠤᠳᠠᠯᠳᠤᠬᠤ ᠶᠢ ᠲᠣᠭᠤᠷᠢᠨ ᠪᠠᠶᠢᠴᠠᠭᠠᠬᠤ ᠠᠵᠢᠯ | ᠵᠢᠴᠢ ᠰᠢᠲᠠᠭᠠᠯᠭ᠎ᠠ ᠶᠢᠨ ᠨᠡᠭᠦᠷᠡᠰᠦ ᠶᠢ ᠵᠠᠳᠠᠭᠠᠢ ᠪᠠᠷ ᠰᠢᠲᠠᠭᠠᠬᠤ ᠶᠢ ᠵᠢᠭᠰᠠᠭᠠᠨ ᠪᠠᠶᠢᠴᠠᠭᠠᠬᠤ ᠠᠵᠢᠯ ᠢ ᠲᠠᠰᠤᠷᠠᠯᠲᠠ | ᠦᠭᠡᠢ ᠥᠷᠨᠢᠭᠦᠯᠵᠦ᠂ ᠬᠦᠨᠳᠡᠯᠡᠨ ᠭᠤᠤᠯ᠂ ᠺᠦᠨᠪᠧᠢ ᠵᠡᠷᠭᠡ ᠣᠷᠣᠨ ᠪᠦᠰᠡ ᠶᠢᠨ ᠱᠦᠭᠦᠷᠳᠡᠨ ᠴᠡᠪᠡᠷᠯᠡᠬᠦ | ᠲᠡᠪᠳᠡᠮᠵᠢ ᠶᠢ ᠭᠤᠣᠯᠳᠠᠯᠭ᠎ᠠ ᠲᠠᠢ ᠨᠡᠮᠡᠭᠳᠡᠭᠦᠯᠵᠦ᠂ ᠬᠤᠲᠠ ᠶᠢᠨ ᠲᠣᠭᠤᠷᠢᠭ ᠤᠨ ᠮᠧᠬᠠᠨᠢᠭᠴᠢᠯᠠᠭᠰᠠᠨ ᠱᠦᠭᠦᠷᠳᠡᠨ | ᠴᠡᠪᠡᠷᠯᠡᠬᠦ ᠨᠣᠷᠮ᠎ᠠ 84.3% ᠳᠤ ᠬᠦᠷᠴᠦ᠂ ᠮᠠᠰᠢᠨ ᠢᠶᠠᠷ ᠱᠦᠭᠦᠷᠳᠡᠨ ᠴᠡᠪᠡᠷᠯᠡᠭᠰᠡᠨ ᠲᠠᠯᠠᠪᠠᠢ 381.6 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠴᠦ᠂ 30 ᠲᠣᠭᠤᠰᠣ ᠳᠡᠭᠳᠡᠬᠦ ᠡᠬᠢ ᠶᠢᠨ ᠭᠠᠳᠠᠭᠰᠢᠯᠠᠭᠤᠯᠬᠤ ᠴᠡᠭ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠠᠯ᠎ᠠ ᠪᠠᠷ᠂ | ︽ᠬᠥᠨᠳᠡᠯᠡᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ︾ | ᠳᠤ ᠵᠠᠰᠠᠪᠤᠷᠢ ᠣᠷᠣᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠬᠤᠸᠠᠷ ᠫᠤᠤᠵᠢᠩ | ᠵᠢᠵᠢᠭᠯᠡᠨ ᠬᠤᠳᠠᠯᠳᠤᠬᠤ 13 ᠳᠡᠯᠭᠡᠭᠦᠷ ᠢ ᠪᠠᠶᠢᠴᠠᠭᠠᠵᠤ᠂ 6 ᠭᠠᠵᠠᠷ ᠲᠤ ᠠᠰᠠᠭᠤᠳᠠᠯ ᠢ ᠢᠯᠡᠷᠡᠭᠦᠯᠵᠦ᠂ ᠨᠢᠭᠡᠨᠲᠡ | ᠪᠦᠬᠦᠨ ᠢ ᠴᠡᠭᠴᠡᠯᠡᠨ ᠰᠠᠶᠢᠵᠢᠷᠠᠭᠤᠯᠪᠠ᠃ 12 ᠰᠠᠷ᠎ᠠ ᠶᠢᠨ 10 ᠤ ᠡᠳᠦᠷ ᠪᠣᠯᠲᠠᠯ᠎ᠠ᠂ ᠬᠥᠨᠳᠡᠯᠡᠨ ᠲᠣᠭᠤᠷᠢᠭ ᠤᠨ | ᠠᠭᠠᠷ ᠤᠨ ᠶᠠᠰᠤ ᠴᠢᠨᠡᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 80.4% ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 3.1 ᠬᠤᠪᠢ ᠳᠡᠭᠡᠭᠰᠢᠯᠡᠪᠡ᠃ ︵ᠠᠮᠢ | ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ |