ᠬᠥᠨᠳᠡᠯᠡᠨ ᠲᠣᠭᠤᠷᠢᠭ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠥᠭᠵᠢᠯᠲᠡ ᠶᠢ ᠠᠬᠢᠭᠤᠯᠬᠤ ᠠᠮᠤᠷ ᠲᠦᠪᠰᠢᠨ ᠢ ᠪᠠᠲᠤᠯᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/14
     ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ᠂ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠡᠷᠭᠡ ᠰᠠᠯᠠᠭ᠎ᠠ ᠮᠥᠴᠢᠷ ᠯᠦᠭᠡ ᠶᠢᠨ ᠬᠥᠨᠳᠡᠯᠡᠨ ᠢᠶᠠᠷ ᠬᠠᠷᠢᠯᠴᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠤᠷᠲᠤ ᠬᠤᠭᠤᠴᠠᠭᠠᠨ ᠤ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠬᠠᠮᠵᠢᠯᠴᠠᠨ ᠬᠠᠮᠲᠤᠪᠠᠷ ᠵᠠᠰᠠᠬᠤ ᠶᠢ ᠪᠡᠶᠡᠯᠡᠭᠦᠯᠪᠠ᠃ ᠣᠳᠣᠬᠠᠨ ᠪᠣᠯᠲᠠᠯ᠎ᠠ᠂ ᠪᠥᠬᠦ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ᠂ ᠣᠶ ᠰᠢᠭᠤᠶ ᠡᠪᠡᠰᠦ ᠪᠡᠯᠴᠢᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠰᠦᠯᠵᠢᠶᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠨ ᠡᠵᠡᠩᠨᠡᠬᠦ ᠲᠥᠷᠥᠯ ᠤᠨ 7 ᠬᠡᠷᠡᠭ ᠢ ᠪᠠᠶᠢᠴᠠᠭᠠᠨ ᠰᠢᠶᠳᠪᠦᠷᠢᠯᠡᠵᠦ᠂ 6.6 ᠲᠦᠮᠡᠨ ᠲᠥᠭᠦᠷᠢᠭ ᠢᠶᠠᠷ ᠲᠣᠷᠭᠠᠪᠠ᠃ 3 ᠰᠠᠷ᠎ᠠ ᠠᠴᠠ 11 ᠰᠠᠷ᠎ᠠ    ᠪᠣᠯᠲᠠᠯ᠎ᠠ᠂ ᠬᠥᠨᠳᠡᠯᠡᠨ ᠲᠣᠭᠤᠷᠢᠭ ᠤᠨ ᠰᠦᠯᠵᠢᠶᠡᠨ ᠤ ᠲᠠᠪᠴᠠᠩ ᠤᠨ ᠳᠡᠯᠭᠡᠭᠦᠷ 129᠂ ᠥᠪᠡᠰᠦᠪᠡᠨ ᠪᠠᠶᠢᠭᠤᠯᠤᠭᠰᠠᠨ ᠡᠵᠡᠩᠨᠡᠯᠲᠡ ᠶᠢᠨ ᠴᠢᠨᠠᠷᠲᠠᠶ ᠰᠦᠯᠵᠢᠶᠡᠨ ᠥᠷᠲᠡᠭᠡ 35 ᠪᠠᠶᠢᠵᠤ᠂ ᠥᠪᠡᠰᠦᠪᠡᠨ ᠪᠠᠶᠢᠭᠤᠯᠤᠭᠰᠠᠨ ᠠᠷᠠᠯᠵᠢᠶᠠᠨ ᠤ ᠪᠤᠰᠤ ᠰᠦᠯᠵᠢᠶᠡᠨ ᠥᠷᠲᠡᠭᠡ 788 ᠪᠠᠶᠢᠵᠤ᠂ ᠰᠦᠯᠵᠢᠶᠡᠨ ᠲᠡᠯᠬᠡᠬᠦᠷ᠂ ᠰᠦᠯᠵᠢᠶᠡᠨ     ᠦᠷᠳᠡᠭᠡ ᠳᠤ ᠤᠷᠤᠵᠤ ᠦᠵᠡᠭᠰᠡᠨ ᠲᠤᠭ᠎ᠠ ᠨᠡᠶᠢᠲᠡ 1036 ᠤᠳᠠᠭ᠎ᠠ ᠪᠠᠶᠢᠵᠤ᠂ 17 ᠰᠦᠪᠡᠭᠴᠢ ᠶᠢ ᠰᠢᠶᠳᠪᠦᠷᠢᠯᠡᠵᠤ᠂ 532 ᠬᠦᠴᠦᠨ ᠥᠬᠡᠶ ᠪᠤᠯᠤᠬᠰᠠᠨ ᠰᠦᠯᠵᠢᠶᠡᠨ ᠥᠷᠲᠡᠭᠡ ᠶᠢ ᠴᠡᠪᠡᠷᠯᠡᠨ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠲᠦᠷ ᠢᠯᠡᠷᠡᠭᠦᠯᠦᠭᠰᠡᠨ ᠥᠬᠡᠶ᠃ ︵ᠵᠠᠬ᠎ᠠ ᠳᠡᠯᠭᠡᠭᠦᠷ ᠤᠨ ᠬᠢᠨᠠᠯᠳᠠ    ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号