ᠥᠮᠡᠨ︕ ᠥᠮᠡᠨ ᠡᠭᠦᠰᠭᠡᠬᠦ ᠪᠣᠳᠠᠰ︕ ᠪᠢᠳᠡᠨ ᠤ ᠡᠳᠦᠷ ᠲᠤᠲᠤᠮ ᠤᠨ ᠢᠳᠡᠭᠡᠨ ᠤᠮᠳᠠᠭᠠᠨ ᠳᠤ | ᠨᠢᠭᠤᠭᠳᠠᠵᠤ ᠪᠠᠶᠢᠨ᠎ᠠ ᠰᠢᠦ᠃ | 1. ᠢᠳᠡᠵᠦ ᠤᠤᠭᠤᠵᠤ ᠪᠠᠶᠢᠭᠠᠳ ᠤᠯᠤᠬᠰᠠᠨ ᠡᠯᠢᠭᠡᠨ ᠥᠮᠡᠨ ᠬᠡᠷᠪᠡ ᠸᠠᠯᠠᠭᠰᠠᠨ᠂ ᠴᠢᠨᠠᠷ ᠬᠤᠪᠢᠷᠠᠭᠰᠠᠨ | ᠢᠳᠡᠭᠡᠨ ᠢ ᠦᠷᠭᠦᠯᠵᠢ ᠢᠳᠡᠬᠦ ᠪᠤᠶᠤ ᠸᠠᠯᠠᠭᠰᠠᠨ ᠬᠤᠭᠤᠯᠠᠨ ᠤ ᠬᠡᠷᠡᠭᠰᠡᠯ ᠢᠶᠠᠷ ᠬᠤᠭᠤᠯᠠ ᠢᠳᠡᠪᠡᠯ ᠥᠮᠡᠨ ᠡᠭᠦᠰᠭᠡᠬᠦ | ᠪᠣᠳᠠᠰ — ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ︵黄曲霉毒素︶ ᠢ ᠢᠳᠡᠵᠦ | ᠮᠡᠳᠡᠨ᠎ᠡ᠃ | 2. ᠡᠯᠢᠭᠡᠨ ᠤ ᠥᠮᠡᠨ ᠢ ᠰᠡᠷᠭᠡᠶᠢᠯᠡᠬᠦ ᠳᠤ᠂ ᠨᠣᠭᠤᠭᠠᠨ ᠥᠩᠭᠡᠲᠦ ᠢᠳᠡᠭᠡᠨ ᠢᠳᠡᠬᠦ ᠬᠡᠷᠡᠭᠳᠡᠢ ᠨᠣᠭᠤᠭᠠᠨ | ᠥᠩᠭᠡᠲᠦ ᠢᠳᠡᠭᠡᠨ ᠳᠤ ᠨᠠᠪᠴᠢᠨ ᠤ ᠨᠣᠭᠤᠭᠠᠨ ᠡᠳ᠋ ᠤᠨ ᠮᠣᠯᠧᠺᠦ᠋ᠯ ᠠᠭᠤᠯᠤᠭᠳᠠᠵᠤ ᠪᠠᠶᠢᠳᠠᠭ᠂ ᠲᠡᠳᠡᠭᠡᠷ ᠨᠢ | ᠡᠯᠢᠭᠡᠨ ᠳᠤ ᠤᠷᠤᠭᠰᠠᠨ ᠤ ᠳᠠᠷᠠᠭ᠎ᠠ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠢ ᠬᠠᠰᠢᠬᠤ ᠦᠢᠯᠡᠳᠦᠯ | ᠦᠵᠡᠭᠦᠯᠵᠦ᠂ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠤᠨ ᠤᠳᠤᠮᠰᠢᠯ ᠤᠨ ᠪᠣᠳᠠᠰ ᠲᠤ ᠬᠤᠬᠢᠷᠠᠯ | ᠤᠴᠠᠷᠠᠭᠤᠯᠬᠤ ᠶᠢ ᠬᠤᠷᠢᠭᠯᠠᠳᠠᠭ᠂ ᠡᠶᠢᠮᠦ ᠠᠴᠠ ᠡᠯᠢᠭᠡᠨ ᠥᠮᠡᠨ ᠢ ᠤᠷᠢᠳᠴᠢᠯᠠᠨ ᠰᠡᠷᠭᠡᠶᠢᠯᠡᠬᠦ ᠦᠢᠯᠡᠳᠦᠯ | ᠦᠵᠡᠬᠦᠯᠳᠡᠭ ᠶᠤᠮ᠃ | 3. ᠨᠣᠭᠤᠭᠠᠨ ᠥᠩᠭᠡᠲᠦ ᠢᠳᠡᠭᠡᠨ ᠤ ᠲᠤᠳᠤᠷᠠᠬᠢ ᠠᠯᠢᠨ ᠤ ᠬᠢᠨᠢ ᠨᠠᠪᠴᠢᠨ ᠤ ᠨᠣᠭᠤᠭᠠᠨ ᠡᠳ᠋ ᠤᠨ | ᠠᠭᠤᠯᠤᠭᠳᠠᠴᠠ ᠥᠨᠳᠥᠷ ᠪᠠᠶᠢᠳᠠᠭ ᠪᠤᠶ︖ ᠥᠩᠭᠡ ᠨᠢ ᠭᠦᠨ ᠪᠣᠯ ᠨᠠᠪᠴᠢᠨ ᠤ ᠨᠣᠭᠤᠭᠠᠨ ᠡᠳ᠋ ᠤᠨ | ᠠᠭᠤᠯᠤᠭᠳᠠᠴᠠ ᠥᠨᠳᠥᠷ ᠪᠠᠶᠢᠳᠠᠭ ᠬᠡᠵᠢ ᠦᠦ︖ | ᠠᠷᠠᠢ ᠲᠡᠶᠢᠮᠦ ᠪᠢᠰᠢ ᠶᠤᠮ᠃ ᠵᠢᠮᠢᠰ ᠨᠣᠭᠤᠭ᠎ᠠ ᠶᠢᠨ ᠲᠥᠷᠥᠯ ᠪᠤᠶᠤ ᠭᠤᠸ᠎ᠠ ᠶᠢᠨ ᠲᠥᠷᠥᠯ ᠤᠨ ᠢᠳᠡᠰᠢᠨ | ᠨᠣᠭᠤᠭ᠎ᠠ ᠶᠢ ᠵᠥᠪᠬᠡᠨ ᠥᠩᠭᠡᠨ ᠲᠠᠯ᠎ᠠ ᠠᠴᠠ ᠨᠢ ᠦᠵᠡᠬᠦ ᠳᠤ ᠮᠠᠰᠢ ᠨᠣᠭᠤᠭᠠᠨ ᠪᠠᠶᠢᠳᠠᠭ ᠪᠤᠯᠪᠠᠴᠤ ᠲᠡᠳᠡᠭᠡᠷ ᠤᠨ | ᠳᠣᠲᠣᠭᠠᠳᠤ ᠶᠢᠨ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ ᠨᠡᠯᠢᠶᠡᠳ ᠪᠠᠭ᠎ᠠ ᠪᠠᠶᠢᠳᠠᠭ᠂ ᠵᠢᠱᠢᠶᠡᠯᠡᠪᠡᠯ | ᠥᠷᠭᠡᠰᠦᠲᠦ ᠬᠡᠮᠬᠡ᠃ | 1. ᠢᠳᠡᠵᠦ ᠤᠤᠭᠤᠵᠤ ᠪᠠᠶᠢᠭᠠᠳ ᠤᠯᠤᠬᠰᠠᠨ ᠬᠤᠳᠣᠭᠤᠳᠣᠨ ᠥᠮᠡᠨ ᠴᠥᠭᠡᠨ ᠪᠤᠰᠤ ᠬᠥᠮᠦᠰ ᠬᠤᠭᠤᠯᠠ | ᠢᠳᠡᠬᠦ ᠳᠡᠭᠡᠨ ᠪᠦᠷ ᠳᠠᠪᠤᠰᠤᠯᠠᠭᠰᠠᠨ ᠢᠳᠡᠰᠢᠨ ᠨᠣᠭᠤᠭ᠎ᠠ᠂ ᠮᠢᠬᠠᠨ ᠤ ᠲᠥᠷᠥᠯ᠂ ᠵᠢᠭᠠᠰᠤᠨ ᠤ ᠲᠥᠷᠥᠯ᠂ | ᠵᠢᠱᠢᠶᠡᠯᠡᠪᠡᠯ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠵᠢᠭᠠᠰᠤ ᠵᠡᠷᠭᠡ ᠶᠢ ᠢᠳᠡᠬᠦ | ᠳᠤᠷᠠᠲᠠᠶ ᠪᠠᠶᠢᠳᠠᠭ᠂ ᠭᠡᠪᠡᠴᠦ ᠳᠠᠪᠤᠰᠤᠯᠠᠭᠰᠠᠨ ᠢᠳᠡᠭᠡᠨ ᠳᠤ ᠠᠭᠤᠯᠤᠭᠳᠠᠬᠤ ᠳᠤᠲᠠᠭᠤ ᠠᠽᠣᠲ ᠬᠦᠴᠢᠯ ᠤᠨ | ᠲᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠡᠶᠢᠮᠦ ᠳᠤᠲᠠᠭᠤ ᠠᠽᠣᠲ ᠬᠦᠴᠢᠯ ᠤᠨ | ᠳᠠᠪᠤᠰᠤ ᠨᠢ ᠬᠦᠮᠦᠨ ᠤ ᠪᠡᠶ᠎ᠡ ᠶᠢᠨ ᠳᠣᠲᠣᠷ᠎ᠠ ᠣᠷᠳᠣ ᠬᠤᠭᠤᠴᠠᠭ᠎ᠠ ᠪᠠᠷ ᠬᠤᠷᠠᠮᠳᠤᠪᠡᠯ ᠥᠮᠡᠨ ᠤᠯᠬᠤ ᠵᠡᠷᠡᠮᠳᠡᠭ | ᠪᠣᠯᠭᠠᠬᠤ ᠪᠠ ᠭᠧᠨ ᠢ ᠭᠡᠨᠡᠳᠲᠡ ᠬᠤᠪᠢᠷᠠᠭᠤᠯᠬᠤ ᠵᠡᠷᠭᠡ ᠦᠢᠯᠡᠳᠦᠯ ᠦᠵᠡᠬᠦᠯᠵᠦ ᠬᠤᠳᠣᠭᠤᠳᠣᠨ ᠥᠮᠡᠨ | ᠤᠯᠤᠭᠤᠯᠳᠠᠭ᠂ ᠡᠨᠡ ᠨᠢ ᠬᠤᠳᠣᠭᠤᠳᠣᠨ ᠥᠮᠡᠨ ᠤᠯᠤᠭᠤᠯᠳᠠᠭ ︽ᠲᠦᠷᠦᠭᠦᠦ ᠶᠠᠷᠭᠠᠴᠢᠨ︾ ᠤ ᠨᠢᠭᠡ ᠪᠣᠯᠤᠨ᠎ᠠ᠃ | | 2. ᠬᠤᠳᠣᠭᠤᠳᠣᠨ ᠥᠮᠡᠨ ᠢ ᠰᠡᠷᠭᠡᠶᠢᠯᠡᠬᠦ ᠳᠤ᠂ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ | ᠢᠳᠡᠬᠦᠭᠡᠷᠡᠭᠳᠡᠢ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠦᠷᠭᠦᠯᠵᠢ ᠢᠳᠡᠪᠡᠯ ᠬᠤᠳᠣᠭᠤᠳᠣᠨ | ᠥᠮᠡᠨ ᠤ ᠡᠭᠦᠰᠬᠦ ᠨᠣᠷᠮ᠎ᠠ ᠨᠢ ᠲᠡᠳᠦᠶ ᠳᠤᠤᠷ᠎ᠠ ᠪᠤᠯᠭᠠᠳᠠᠭ᠃ ᠰᠤᠳᠤᠯᠭᠠᠨ ᠠᠴᠠ ᠦᠵᠡᠪᠡᠯ᠂ ᠰᠣᠩᠭᠢᠨ᠎ᠠ ᠶᠢᠨ | ᠲᠥᠷᠥᠯ ᠤᠨ ᠢᠳᠡᠰᠢᠨ ᠨᠣᠭᠤᠭ᠎ᠠ ᠳᠤ ᠰᠢᠷ᠎ᠠ ᠺᠧᠲ᠋ᠣᠨ ︵黄酮︶᠂ ᠣᠷᠭᠠᠨᠢᠭ ᠬᠦᠬᠦᠷᠲᠦ ᠨᠢᠭᠡᠳᠪᠦᠷᠢ ︵有 | 机硫化物︶ ᠵᠡᠷᠭᠡ ᠶᠢ ᠪᠠᠭᠲᠠᠭᠠᠭᠰᠠᠨ ᠮᠠᠰᠢ ᠣᠯᠠᠨ ᠣᠷᠭᠠᠨᠢᠭ ᠪᠣᠳᠠᠰ ᠪᠠᠶᠢᠳᠠᠭ᠂ ᠡᠲᠡᠭᠡᠷ ᠣᠷᠭᠠᠨᠢᠭ | ᠪᠣᠳᠠᠰ ᠤᠨ ᠲᠣᠰ ᠪᠡᠶ᠎ᠡ ᠨᠢ ᠥᠮᠡᠨ ᠢ ᠰᠢᠭᠤᠳ ᠬᠤᠷᠢᠭᠯᠠᠬᠤ ᠦᠢᠯᠡᠳᠦᠯ ᠲᠠᠢ ᠶᠤᠮ᠃ | 3. ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠭᠡᠳᠡᠭ ᠨᠢ ᠶᠠᠮᠠᠷ ᠶᠠᠮᠠᠷ ᠨᠣᠭᠤᠭ᠎ᠠ ᠶᠢ ᠵᠢᠭᠠᠵᠤ | ᠪᠠᠶᠢᠬᠤ ᠪᠤᠢ︖ | ᠪᠥᠭᠡᠷᠡᠩᠬᠡᠶ ᠰᠣᠩᠭᠢᠨ᠎ᠠ᠂ ᠰᠣᠩᠭᠢᠨ᠎ᠠ᠂ ᠠᠮᠳᠠᠳᠤ ᠰᠣᠩᠭᠢᠨ᠎ᠠ᠂ ᠰᠠᠷᠢᠮᠰᠠᠭ᠂ ᠭᠤᠭᠤᠳ ᠵᠡᠷᠭᠡ ᠨᠢ ᠪᠦᠷ | ᠰᠣᠩᠭᠢᠨ᠎ᠠ ᠶᠢᠨ ᠲᠥᠷᠥᠯ ᠳᠤ ᠪᠠᠭᠲᠠᠨ᠎ᠠ᠃ |