ᠦᠷᠭᠦᠯᠵᠢ ᠢᠰᠬᠡᠭᠦᠷ ᠠᠭᠤᠯᠤᠭᠰᠠᠨ ᠢᠳᠡᠭᠡᠨ ᠢᠳᠡᠬᠦ ᠨᠢ ᠪᠡᠶ᠎ᠡ ᠳᠤ ᠮᠠᠭᠤ ᠭᠡᠨ᠎ᠡ ᠤᠤ︖
ᠨᠡᠶᠢᠲᠡᠯᠡᠭᠰᠡᠨ ᠴᠠᠭ᠄
2024/12/16
      ᠢᠰᠬᠡᠭᠦᠷ ᠨᠢ ᠨᠢᠭᠡ ᠵᠦᠢᠯ ᠤᠨ ᠠᠮᠢᠳᠤ ᠪᠣᠳᠠᠰ ᠤᠨ ᠬᠥᠪᠰᠦ᠋ᠢᠯᠭᠡᠬᠦ ᠡᠳ᠋ ᠪᠣᠯᠤᠭᠰᠠᠨ ᠤ ᠬᠤᠪᠢ ᠳᠤ᠂ ᠮᠠᠨᠲᠠᠤ᠂ ᠲᠠᠯᠬ᠎ᠠ ᠬᠢᠬᠦ ᠶᠠᠪᠤᠴᠠ ᠳᠤ ᠭᠡᠷᠡᠭᠯᠡᠵᠦ᠂ ᠢᠰᠬᠡᠬᠦ ᠦᠶ᠎ᠡ ᠳᠤ ᠦᠨᠡᠬᠡᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠡᠭᠦᠰᠳᠡᠭ ᠪᠠᠶᠢᠨ᠎ᠠ᠂ ᠭᠡᠪᠡᠴᠦ ᠢᠰᠬᠡᠭᠦᠷ ᠤᠨ ᠢᠰᠬᠡᠬᠦ ᠶᠠᠪᠤᠴᠠ ᠪᠠ ᠬᠡᠢ ᠡᠭᠦᠰᠭᠡᠬᠦ ᠴᠢᠳᠠᠪᠤᠷᠢ ᠨᠢ ᠬᠠᠯᠠᠭᠤᠨ ᠤ ᠭᠡᠮᠵᠢᠶ᠎ᠡ᠂ ᠭᠤᠯᠢᠷ ᠤᠨ ᠪᠦᠷᠢᠯᠳᠦᠬᠦᠨ᠂ pH ᠬᠡᠮᠵᠢᠭᠳᠡᠯ ᠵᠡᠷᠭᠡ ᠤᠯᠠᠨ ᠲᠠᠯ᠎ᠠ ᠶᠢᠨ ᠡᠯᠧᠮᠧᠨ᠋ᠲ ᠤᠨ ᠨᠥᠯᠥᠭᠡ ᠶᠢ ᠬᠦᠷᠳᠡᠳᠡᠭ᠃      ᠡᠶᠢᠮᠦ ᠠᠴᠠ ᠰᠠᠶ᠋ᠢᠬᠠᠨ ᠵᠢᠩᠨᠡᠵᠦ ᠭᠠᠷᠭᠠᠭᠰᠠᠨ ᠮᠠᠨᠲᠠᠤ ᠪᠤᠶᠤ ᠰᠠᠶ᠋ᠢᠬᠠᠨ ᠰᠢᠷᠠᠵᠦ ᠭᠠᠷᠭᠠᠬᠰᠠᠨ ᠲᠠᠯᠬ᠎ᠠ ᠳᠤ ᠶᠡᠭᠡ ᠬᠡᠮᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠶ ᠪᠣᠯᠬᠤ ᠪᠤᠶᠤ ᠣᠷᠣᠰᠢᠵᠤ ᠪᠠᠶᠢᠬᠤ ᠠᠴᠠ ᠵᠣᠪᠠᠭᠰᠠᠨ ᠤ ᠬᠡᠷᠡᠭ ᠥᠬᠡᠶ᠂ ᠰᠠᠨᠠᠭ᠎ᠠ ᠠᠮᠤᠷ ᠢᠳᠡᠭᠡᠷᠡᠢ᠃ ᠲᠡᠷᠡᠴᠢᠯᠡᠨ ᠰᠠᠶ᠋ᠢᠬᠠᠨ ᠵᠢᠩᠨᠡᠵᠦ ᠭᠠᠷᠭᠠᠭᠰᠠᠨ ᠮᠠᠨᠲᠠᠤ ᠪᠤᠶᠤ ᠰᠠᠶ᠋ᠢᠬᠠᠨ ᠰᠢᠷᠠᠵᠦ ᠭᠠᠷᠭᠠᠬᠰᠠᠨ ᠲᠠᠯᠬ᠎ᠠ ᠳᠤ ᠪᠠᠭ᠎ᠠ ᠬᠡᠮᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠠᠭᠤᠯᠵᠦ ᠪᠠᠶᠢᠬᠰᠠᠨ ᠴᠤ ᠦᠨᠳᠦᠰᠦᠨ ᠳᠡᠭᠡᠨ ᠪᠡᠶ᠎ᠡ ᠮᠠᠬᠠᠪᠣᠳ ᠢ ᠭᠡᠮᠲᠦᠭᠡᠬᠦ ᠥᠬᠡᠶ ᠶᠤᠮ᠃ ᠮᠠᠨᠲᠠᠤ ᠶᠢᠨ ᠬᠡᠷᠡᠴᠢᠮᠡᠯ ᠪᠣᠯ ᠴᠠᠷᠳᠠᠭᠤᠯ ᠤᠨ ᠲᠥᠷᠥᠯ ᠤᠨ ᠢᠳᠡᠭᠡᠨ ᠪᠤᠯᠬᠤ ᠲᠤᠯᠠ ᠲᠡᠭᠦᠨ ᠢ ᠥᠨᠳᠥᠷ ᠬᠠᠯᠠᠭᠤᠨ ᠢᠶᠠᠷ ᠰᠢᠷᠠᠬᠰᠠᠨ ᠤ ᠲᠠᠷᠠᠭ᠎ᠠ ᠬᠠᠯᠢᠰᠦ ᠨᠢ ᠰᠢᠷᠡᠬᠳᠠᠳᠠᠭ᠂ ᠦᠭᠡᠷ᠎ᠠ ᠪᠠᠷ ᠬᠡᠯᠡᠪᠡᠯ ᠮᠠᠨᠲᠠᠤ ᠳᠣᠲᠣᠷᠠᠬᠢ ᠴᠠᠷᠳᠠᠭᠤᠯ ᠨᠢ ᠬᠤᠵᠢᠩ ᠪᠤᠯᠤᠨ ᠬᠤᠪᠢᠷᠠᠵᠦ᠂ ᠬᠤᠳᠣᠭᠤᠳᠣᠨ ᠬᠦᠴᠢᠯ ᠢ ᠰᠠᠭᠠᠷᠮᠠᠭᠵᠢᠭᠤᠯᠵᠤ᠂ ᠬᠤᠳᠣᠭᠤᠳᠣᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠨ᠂ ᠰᠢᠩᠭᠡᠭᠡᠯᠲᠡ ᠶᠢ ᠲᠤᠰᠠᠯᠠᠳᠠᠭ᠃      ᠠᠩᠬᠠᠷᠤᠭᠤᠰᠢᠳᠠᠢ ᠨᠢ᠄ ᠮᠠᠨᠲᠠᠤ ᠰᠢᠷᠠᠬᠤ ᠳᠠᠭᠠᠨ ᠰᠢᠲᠠᠭᠠᠵᠤ ᠪᠣᠯᠬᠤ ᠦᠭᠡᠢ᠂ ᠠᠯᠲᠠᠨ ᠰᠢᠷᠭᠠᠯ ᠥᠩᠭᠡᠲᠡᠢ ᠪᠤᠯᠳᠠᠯ᠎ᠠ ᠰᠢᠷᠠᠪᠠᠯ ᠪᠣᠯᠴᠢᠬᠠᠨ᠎ᠠ᠂ ᠢᠯᠡᠭᠦᠦ ᠢᠳᠡᠵᠦ ᠪᠣᠯᠬᠤ ᠦᠭᠡᠢ᠂ ᠤᠳᠠᠭ᠎ᠠ ᠪᠦᠷᠢ 1 ᠠᠴᠠ 2 ᠬᠡᠰᠡᠭ ᠢᠳᠡᠪᠡᠯ ᠪᠣᠯᠴᠢᠬᠠᠨ᠎ᠠ᠃      ᠬᠤᠳᠣᠭᠤᠳᠦ ᠶᠢ ᠬᠡᠮᠳᠦᠭᠡᠬᠦ ᠮᠠᠭᠤ ᠳᠠᠳᠬᠠᠯ     1. ᠥᠯᠥᠨ ᠢᠶᠠᠷ ᠹᠧᠨᠲ᠋ᠢᠶᠤᠤᠷ ᠢᠳᠡᠬᠦ᠄ ᠥᠯᠥᠨ ᠢᠶᠠᠷ ᠪᠤᠶᠤ ᠥᠯᠥᠰᠦᠭᠰᠡᠨ ᠪᠠᠶᠢᠳᠠᠯ ᠳᠣᠣᠷ᠎ᠠ ᠶᠡᠭᠡ ᠬᠡᠮᠵᠢᠶᠡᠨ ᠤ ᠹᠧᠨᠲ᠋ᠢᠶᠤᠤᠷ ᠢᠳᠡᠪᠡᠯ ᠬᠤᠳᠣᠭᠤᠳᠣᠨ ᠬᠦᠴᠢᠯ ᠤᠨ ᠰᠢᠭᠦᠷᠡᠯᠲᠡ ᠶᠢ ᠬᠡᠲᠦᠷᠡᠭᠦᠯᠵᠦ ᠮᠡᠳᠡᠨ᠎ᠡ᠂ ᠬᠥᠩᠭᠡᠨ ᠪᠣᠯ ᠬᠤᠳᠣᠭᠤᠳᠣ ᠱᠠᠷᠬᠢᠷᠠᠵᠤ᠂ ᠬᠤᠳᠣᠭᠤᠳᠣ ᠴᠢᠨᠦᠷᠡᠨ ᠡᠪᠡᠳᠦᠨ᠎ᠡ᠂ ᠬᠦᠨᠳᠦ ᠪᠣᠯ ᠳᠤᠷ᠎ᠠ ᠪᠤᠯᠭᠢᠵᠤ᠂ ᠪᠥᠭᠡᠯᠵᠢᠳᠡᠭ᠃     2. ᠤᠷᠲᠤ ᠬᠤᠭᠤᠴᠠᠭ᠎ᠠ ᠪᠠᠷ ᠰᠢᠩᠭᠡᠨ ᠪᠤᠳᠠᠭ᠎ᠠ ᠢᠳᠡᠵᠦ ︽ᠬᠤᠳᠣᠭᠤᠳᠣ ᠪᠠᠨ ᠰᠢᠮᠡᠵᠢᠬᠦᠯᠬᠦ︾᠄ ᠮᠠᠨ ᠤ ᠬᠤᠳᠣᠭᠤᠳᠣ ᠵᠣᠬᠢᠬᠤ ᠬᠡᠮᠵᠢᠶᠡᠨ ᠤ ᠪᠣᠯᠪᠠᠰᠤᠷᠠᠯ ᠬᠢᠬᠦ ᠴᠢᠬᠤᠯᠠᠲᠠᠢ ᠶᠤᠮ᠂ ᠬᠡᠷᠪᠡ ᠤᠷᠲᠤ ᠬᠤᠭᠤᠴᠠᠭ᠎ᠠ ᠪᠠᠷ ᠠᠮᠠᠷᠬᠠᠨ ᠰᠢᠩᠭᠡᠭᠡᠭᠳᠡᠬᠦ ᠰᠢᠩᠭᠡᠨ ᠪᠤᠳᠠᠭ᠎ᠠ ᠢᠳᠡᠪᠡᠯ ᠬᠤᠳᠣᠭᠤᠳᠣ ᠬᠦᠷᠪᠡᠯᠵᠢᠬᠦ ᠨᠢ ᠠᠨᠠᠢ ᠪᠣᠯᠵᠤ᠂ ᠰᠢᠩᠭᠡᠭᠡᠯᠲᠡ ᠶᠢᠨ ᠴᠢᠳᠠᠪᠤᠷᠢ ᠮᠠᠭᠤᠳᠠᠵᠦ ᠮᠡᠳᠡᠨ᠎ᠠ᠃ ᠡᠶᠢᠮᠦ ᠠᠴᠠ ᠬᠤᠳᠣᠭᠤᠳᠣ ᠭᠡᠳᠡᠰᠦᠨ ᠤ ᠠᠵᠢᠯᠯᠠᠭ᠎ᠠ ᠨᠢ ᠡᠷᠡᠭᠦᠯ ᠬᠥᠮᠦᠨ ᠲᠤᠰᠬᠠᠶᠢᠯᠠᠨ ᠰᠢᠩᠭᠡᠨ ᠪᠤᠳᠠᠭ᠎ᠠ ᠢᠳᠡᠵᠦ ︽ᠬᠤᠳᠣᠭᠤᠳᠣ ᠪᠠᠨ ᠰᠢᠮᠡᠵᠢᠬᠦᠯᠬᠦ︾ ᠴᠢᠬᠤᠯᠠ     ᠦᠭᠡᠢ᠃     3. ᠦᠷᠭᠦᠯᠵᠢ ᠱᠥᠯᠥᠨ ᠳᠤ ᠴᠢᠨᠠᠬᠰᠠᠨ ᠪᠤᠳᠠᠭ᠎ᠠ ᠢᠳᠡᠬᠦ ᠨᠢ ᠰᠢᠩᠭᠡᠭᠡᠯᠲᠡ ᠳᠤ ᠠᠰᠢᠭ ᠦᠭᠡᠢ᠄ ᠱᠥᠯᠥᠨ ᠳᠤ ᠴᠢᠨᠠᠬᠰᠠᠨ ᠪᠤᠳᠠᠭ᠎ᠠ ᠨᠢ ᠶᠡᠷᠦ ᠳᠡᠭᠡᠨ ᠵᠠᠯᠭᠢᠬᠤ ᠳᠤ ᠳᠥᠭᠦᠮ ᠪᠠᠶᠢᠳᠠᠭ᠂ ᠡᠶᠢᠮᠦ ᠠᠴᠠ ᠵᠠᠵᠢᠯᠬᠤ ᠶᠠᠪᠤᠴᠠ ᠳᠤᠲᠠᠭᠳᠠᠬᠤ ᠪᠤᠶᠤ ᠵᠠᠵᠢᠯᠬᠤ ᠨᠢ ᠭᠦᠢᠴᠡᠳ ᠦᠭᠡᠢ ᠪᠣᠯᠵᠤ᠂ ᠭᠡᠳᠡᠷᠭᠦ ᠪᠠᠨ ᠬᠤᠳᠣᠭᠤᠳᠣ ᠭᠡᠳᠡᠰᠦᠨ ᠤ ᠳᠠᠷᠤᠭᠠᠰᠤ ᠶᠢ ᠬᠦᠨᠳᠦᠷᠡᠭᠦᠯᠵᠦ᠂ ᠬᠤᠳᠣᠭᠤᠳᠣ ᠶᠢ ᠡᠪ ᠦᠭᠡᠢ ᠪᠤᠯᠭᠠᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号