2023 ᠣᠨ ᠤ 8 ᠰᠠᠷ᠎ᠠ ᠳᠤ ︽ᠤᠨᠲᠠᠬᠤᠶ ᠶᠢᠨ ᠡᠷᠡᠭᠦᠯ ᠮᠡᠨᠳᠦ︾ ᠰᠡᠳᠬᠦᠯ ᠳᠤ ᠨᠡᠶᠢᠲᠡᠯᠡᠭᠰᠡᠨ | ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠲᠣᠭᠲᠠᠭᠤᠨ ᠤᠨᠲᠠᠬᠤ ᠳᠠᠳᠬᠠᠯ ᠲᠠᠢ ᠪᠠᠶᠢᠬᠤ ᠨᠢ ᠠᠮᠢᠳᠤ | ᠪᠣᠳᠠᠰ ᠤᠨ ᠥᠲᠡᠯᠬᠦᠶᠠᠪᠤᠴᠠ ᠶᠢ ᠤᠳᠠᠭᠠᠰᠢᠷᠠᠭᠤᠯᠬᠤ ᠳᠤ ᠠᠰᠢᠭᠲᠠᠶ ᠪᠠᠶᠢᠳᠠᠭ᠃ ᠤᠨᠲᠠᠬᠤ ᠴᠠᠭ ᠤᠨ ᠵᠥᠷᠢᠶ᠎ᠡ ᠨᠢ | ᠨᠡᠯᠢᠶᠡᠳ ᠶᠡᠭᠡ᠂ ᠠᠵᠢᠯ ᠤᠨ ᠡᠳᠦᠷ ᠪᠠ ᠭᠠᠷᠠᠭ ᠤᠨ ᠰᠡᠭᠦᠯᠴᠢ ᠶᠢᠨ ᠤᠨᠲᠠᠬᠤ ᠴᠠᠭ ᠤᠨ ᠵᠥᠷᠢᠶ᠎ᠡ ᠨᠢ ᠶᠡᠭᠡ | ᠪᠠᠶᠢᠲᠠᠭ ᠬᠦᠮᠦᠰ ᠢ ᠲᠣᠭᠲᠠᠭᠤᠨ ᠤᠨᠲᠠᠬᠤ ᠲᠠᠳᠬᠠᠯ ᠲᠠᠢ ᠬᠥᠮᠦᠨ ᠲᠠᠢ ᠬᠠᠷᠢᠴᠠᠭᠤᠯᠪᠠᠯ ᠠᠮᠢᠳᠤ ᠪᠣᠳᠠᠰ ᠤᠨ | ᠨᠠᠰᠤᠨ ᠤ ᠥᠲᠡᠯᠬᠦ ᠶᠠᠪᠤᠴᠠ 9 ᠰᠠᠷ᠎ᠠ ᠶᠢᠨ ᠵᠦᠷᠢᠶ᠎ᠡ ᠲᠠᠢ ᠪᠠᠶᠢᠳᠠᠭ᠃ ᠲᠣᠭᠲᠠᠭᠤᠨ ᠰᠠᠶᠢᠬᠠᠨ ᠤᠨᠲᠠᠬᠤ | ᠳᠠᠳᠬᠠᠯ ᠲᠠᠢ᠂ ᠡᠳᠦᠷ ᠪᠦᠷᠢ ᠤᠨᠲᠠᠬᠤ ᠴᠠᠭ᠂ ᠪᠣᠰᠬᠤ ᠴᠠᠭ ᠢᠶᠠᠨ ᠪᠠᠲᠤᠯᠠᠪᠠᠯ ᠠᠮᠢᠳᠤ ᠪᠣᠳᠠᠰ ᠤᠨ ᠥᠲᠡᠯᠬᠦ | ᠶᠠᠪᠤᠴᠠ ᠶᠢ ᠤᠳᠠᠭᠠᠰᠢᠷᠠᠭᠤᠯᠬᠤ ᠳᠤ ᠠᠰᠢᠭᠲᠠᠢ ᠶᠤᠮ᠃ | ᠤᠨᠲᠠᠬᠤ ᠶᠢ ᠨᠥᠯᠥᠭᠡᠯᠡᠬᠦ ᠬᠤᠶᠠᠷ ᠵᠠᠩᠭᠢᠯᠠᠭ᠎ᠠ ᠶᠢᠨ ᠡᠯᠧᠮᠧᠨ᠋ᠲ ᠪᠣᠯ ︽ᠵᠢᠮ᠎ᠡ ᠬᠠᠤᠯᠢ ᠲᠠᠢ ᠪᠠᠶᠢᠬᠤ︾ ᠪᠠ ︽ | ᠬᠠᠨᠲᠠᠯ᠎ᠠ ᠤᠨᠲᠠᠬᠤ︾ ᠶᠠᠪᠤᠳᠠᠯ ᠪᠣᠯᠤᠨ᠎ᠠ᠃ ᠬᠥᠮᠦᠨ ᠤ ᠪᠡᠶ᠎ᠡ ᠶᠢᠨ ᠥᠪᠡᠷ ᠢ ᠪᠠᠨ ᠰᠡᠷᠭᠦᠭᠡᠬᠦ ᠠᠵᠢᠯᠯᠠᠭ᠎ᠠ ᠨᠢ | ᠣᠯᠠᠩᠬᠢ ᠳᠠᠭᠠᠨ ᠥᠷᠯᠥᠭᠡ ᠶᠢᠨ 3 ᠴᠠᠭ ᠠᠴᠠ ᠡᠮᠦᠨ᠎ᠡ ᠶᠠᠪᠤᠭᠳᠠᠳᠠᠭ᠂ ᠡᠶᠢᠮᠦ ᠠᠴᠠ 23 ᠴᠠᠭ ᠠᠴᠠ 3 | ᠴᠠᠭ ᠤᠨ ᠬᠤᠭᠤᠷᠣᠨᠳᠤᠬᠢ ᠤᠨᠲᠠᠬᠤ ᠨᠤᠶᠢᠷ ᠤᠨ ᠴᠢᠨᠠᠷ ᠪᠤᠯ ᠲᠤᠶᠢᠯ ᠤᠨ ᠴᠢᠬᠤᠯᠠ ᠪᠠᠶᠢᠳᠠᠭ ᠶᠤᠮ᠃ ᠨᠠᠰᠤᠨ ᠳᠤ | ᠭᠦᠷᠦᠭᠰᠡᠳ ᠨᠢ 7 ᠠᠴᠠ 8 ᠴᠠᠭ ᠤᠨᠳᠠᠪᠠᠯ ᠵᠤᠬᠢᠨ᠎ᠠ᠂ 6 ᠴᠠᠭ ᠤᠨᠳᠠᠬᠤ ᠨᠢ ᠡᠷᠡᠭᠦᠯ ᠮᠡᠨᠳᠦ ᠶᠢᠨ ᠨᠠᠭᠠᠳᠤ | ᠵᠠᠬ᠎ᠠ ᠶᠢᠨ ᠬᠢᠵᠠᠭᠠᠷ ᠱᠤᠭᠤᠮ ᠪᠤᠯᠤᠨ᠎ᠠ᠂ ᠬᠠᠮᠤᠭ ᠤᠷᠳᠤ ᠳᠠᠭᠠᠨ 9 ᠴᠠᠭ ᠠᠴᠠ ᠬᠡᠲᠦᠷᠡᠵᠦ ᠪᠣᠯᠬᠤ ᠥᠬᠡᠶ᠃ | ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ 6 ᠴᠠᠭ ᠠᠴᠠ ᠪᠠᠭ᠎ᠠ ᠤᠨᠳᠠᠳᠠᠭ ᠬᠦᠮᠦᠰ ᠪᠠ 9 ᠴᠠᠭ ᠠᠴᠠ | ᠲᠡᠭᠡᠭᠰᠢ ᠤᠨᠳᠠᠳᠠᠭ ᠬᠦᠮᠦᠰ ᠢ 6 ᠠᠴᠠ 9 ᠴᠠᠭ ᠤᠨᠳᠠᠳᠠᠭ ᠬᠦᠮᠦᠰ ᠲᠠᠢ ᠬᠠᠷᠢᠴᠠᠭᠤᠯᠪᠠᠯ ᠵᠢᠷᠦᠬᠡᠨ ᠲᠦᠭᠵᠢᠷᠡᠯ | ᠡᠭᠦᠰᠭᠦ ᠲᠦᠭᠰᠢᠭᠦᠷᠢ ᠨᠢ ᠲᠤᠰ ᠲᠤᠰ 20 % ᠪᠠ 34 % ᠪᠠᠷ ᠨᠡᠮᠡᠭᠳᠡᠭᠰᠡᠨ ᠪᠠᠶᠢᠨ᠎ᠡ᠃ |