ᠬᠠᠮᠤᠭ ᠥᠨᠳᠥᠷ ᠲᠡᠭᠡᠨ 2000 ᠲᠥᠭᠦᠷᠢᠭ ᠬᠢᠮᠳᠠᠷᠠᠨ᠎ᠠ᠂ ᠬᠥᠨᠳᠡᠯᠡᠨ ᠲᠣᠭᠤᠷᠢᠭ ᠤᠨ ︽  ᠬᠠᠭᠤᠴᠢᠨ ᠢᠶᠠᠷ ᠰᠢᠨ᠎ᠡ ᠶᠢ ᠰᠤᠯᠢᠬᠤ ᠤᠷᠤᠰᠬᠠᠯ︾  ᠬᠦᠷᠴᠦ ᠢᠷᠡᠯ᠎ᠡ︕
ᠨᠡᠶᠢᠲᠡᠯᠡᠭᠰᠡᠨ ᠴᠠᠭ᠄
2024/12/18
   ︽ᠵᠠᠰᠠᠭ ᠤᠨ ᠣᠷᠳᠣᠨ ᠤ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠦᠨᠡᠬᠡᠷ ᠰᠠᠶᠢᠨ᠂ ᠶᠠᠭ ᠰᠠᠶᠢᠬᠠᠨ ᠠᠪᠤ ᠡᠵᠢ ᠳᠡᠭᠡᠨ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠴᠦ ᠦᠭᠬᠦ ᠪᠠᠷ ᠢᠷᠡᠭᠰᠡᠨ᠂ 1000 ᠰᠢᠬᠠᠮ ᠲᠥᠭᠦᠷᠢᠭ ᠬᠢᠮᠳᠠᠷᠠᠭᠰᠠᠨ ᠪᠠᠶᠢᠨ᠎ᠠ᠂ ᠦᠨᠡᠬᠡᠷ ᠬᠢᠮᠳᠠ ᠪᠠᠶᠢᠨ᠎ᠠ ᠳ᠋ᠠ︕︾ ᠭᠡᠵᠦ ᠬᠡᠷᠡᠭᠯᠡᠭᠴᠢ ᠯᠢ ᠵᠧᠨ ᠬᠤᠸᠠ ᠰᠤᠷᠪᠤᠯᠵᠢᠯᠠᠭᠴᠢ ᠳᠤ ᠢᠨᠢᠶᠡᠮᠰᠦᠭᠯᠡᠨ ᠬᠡᠯᠡᠨ᠎ᠡ᠃
    ᠤᠯᠤᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠤᠭᠤᠲᠤ ᠬᠤᠲᠠ ᠶᠢᠨ 2024 ᠣᠨ ᠤ ᠬᠡᠷ ᠤᠨ ᠴᠠᠬᠢᠯᠭᠠᠨ ᠬᠡᠷᠡᠭᠰᠡᠯ ᠵᠠᠰᠠᠯ ᠴᠢᠮᠡᠭᠯᠡᠯ ᠤᠨ ᠲᠣᠭᠤᠭᠠᠨ     ᠬᠡᠷ ᠤᠨ ᠬᠡᠷᠡᠭᠰᠡᠯ ᠤᠬᠢᠶᠠᠯᠭ᠎ᠠ ᠶᠢᠨ ᠦᠷᠦᠬᠡ ᠶᠢᠨ ᠡᠳ᠋ᠯᠠᠯ ᠭᠡᠷᠡᠭᠰᠡᠯ ᠤᠨ ︿ᠬᠠᠭᠤᠴᠢᠨ ᠢᠶᠠᠷ ᠰᠢᠨ᠎ᠡ ᠶᠢ ᠰᠤᠯᠢᠬᠤ﹀  ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠥᠨᠳᠡᠯᠡᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ᠵᠢᠦᠢ ᠷᠠᠨ ᡁᠢ ᠵᠢᠶᠠ᠂ ᠮᠸᠢ ᠳ᠋ᠧ ᠾᠧᠩ ᠬᠡᠷ ᠤᠨ ᠡᠳ᠋ᠯᠠᠯ ᠬᠡᠷᠡᠭᠰᠡᠯ ᠤᠨ ᠬᠤᠳᠠᠯᠳᠤᠭᠠᠨ ᠤ ᠭᠠᠵᠠᠷ ᠲᠠᠬᠢ 31 ᠠᠵᠤ ᠠᠬᠤᠶᠢᠯᠠᠯ ᠲᠠᠢ ᠭᠠᠷ ᠬᠤᠯᠪᠣᠨ ︽ᠬᠠᠭᠤᠴᠢᠨ ᠢᠶᠠᠷ ᠰᠢᠨ᠎ᠡ ᠶᠢ ᠰᠤᠯᠢᠬᠤ ᠬᠡᠷ ᠣᠷᠣᠨ ᠵᠣᠯ ᠵᠢᠷᠭᠠᠯᠲᠤ ᠠᠮᠢᠳᠤᠷᠠᠯ︾ ᠬᠡᠷ ᠤᠨ ᠴᠠᠬᠢᠯᠭᠠᠨ ᠬᠡᠷᠡᠭᠰᠡᠯ ᠵᠠᠰᠠᠯ ᠴᠢᠮᠡᠭᠯᠡᠯ ᠲᠣᠭᠤᠭᠠᠨ ᠬᠡᠷ ᠤᠨ ᠬᠡᠷᠡᠭᠰᠡᠯ ᠤᠬᠢᠶᠠᠯᠭ᠎ᠠ ᠶᠢᠨ ᠦᠷᠦᠬᠡ ᠶᠢᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠪᠡ᠃
    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 2024 ᠣᠨ ᠤ 12 ᠰᠠᠷ᠎ᠠ ᠶᠢᠨ 12 ᠤᠨ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠵᠤ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠨᠥᠬᠦᠪᠥᠷᠢ ᠥᠭᠴᠦ ᠠᠰᠢᠭ ᠬᠦᠷᠲᠡᠭᠡᠬᠦ᠂ ᠬᠡᠷ ᠤᠨ ᠴᠠᠬᠢᠯᠭᠠᠨ ᠬᠡᠷᠡᠭᠰᠡᠯ ᠵᠠᠰᠠᠯ ᠴᠢᠮᠡᠭᠯᠡᠯ ᠤᠨ ᠲᠣᠭᠤᠭᠠᠨ ᠬᠡᠷ ᠤᠨ ᠬᠡᠷᠡᠭᠰᠡᠯ ᠤᠬᠢᠶᠠᠯᠭ᠎ᠠ ᠶᠢᠨ ᠦᠷᠦᠬᠡ ᠶᠢᠨ ᠡᠳ᠋ᠯᠠᠯ ᠭᠡᠷᠡᠭᠰᠡᠯ ᠤᠨ ︽ᠬᠠᠭᠤᠴᠢᠨ ᠢᠶᠠᠷ     ᠰᠢᠨ᠎ᠡ ᠶᠢ ᠰᠤᠯᠢᠬᠤ︾ ᠠᠵᠢᠯᠯᠠᠭ᠎ᠠ ᠶᠢᠨ ᠠᠷᠠᠳ ᠲᠤ ᠠᠰᠢᠭ ᠬᠦᠷᠳᠡᠬᠡᠵᠤ ᠨᠡᠶᠢᠬᠡᠮ ᠲᠤᠭᠤᠷᠢᠭ ᠲᠤ ᠤᠷᠤᠭᠤᠯᠬᠤ᠂ ᠰᠡᠳᠬᠢᠯ ᠢ ᠲᠤᠯᠠᠭᠠᠴᠠᠭᠤᠯᠬᠤ ᠬᠠᠭᠤᠴᠢᠨ ᠬᠡᠷ ᠪᠠᠶᠢᠰᠢᠩ ᠢ ᠵᠠᠰᠠᠨ ᠴᠢᠮᠡᠭᠯᠡᠬᠦ ᠢᠵᠢ ᠦᠶᠯᠡᠴᠢᠯᠡᠭᠡ ᠵᠡᠷᠭᠡ ᠰᠢᠷᠢᠰ ᠠᠵᠢᠯᠯᠠᠭ᠎ᠠ ᠪᠠᠷ ᠳᠠᠮᠵᠢᠨ᠂ ᠤᠯᠤᠰ ᠤᠨ ᠲᠥᠷᠥ ᠶᠢᠨ ᠪᠣᠳᠣᠯᠭ᠎ᠠ ᠶᠢ ᠥᠷᠭᠡᠨ ᠣᠯᠠᠨ ᠬᠡᠷᠡᠭᠯᠡᠭᠴᠢᠳ ᠲᠤ ᠨᠠᠷᠢᠯᠢᠭ ᠣᠨᠣᠪᠴᠢᠲᠠᠶ ᠨᠠᠶᠢᠳᠠᠪᠤᠷᠢᠵᠢᠭᠤᠯᠵᠤ᠂ ᠨᠠᠩ ᠣᠯᠠᠨ ᠬᠥᠮᠦᠨ ᠳᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠪᠡ᠃ ᠡᠭᠦᠨ ᠤ ᠬᠠᠮᠲᠤ᠂ ᠬᠡᠷ ᠤᠨ ᠵᠠᠰᠠᠯ ᠴᠢᠮᠡᠭᠯᠡᠯ ᠤᠨ ᠠᠵᠢᠯ ᠲᠥᠷᠥᠯ ᠤᠨ ᠨᠡᠶᠢᠭᠡᠮᠯᠢᠭ᠂ ᠬᠡᠷ ᠤᠨ ᠵᠠᠰᠠᠯ ᠴᠢᠮᠡᠭᠯᠡᠯ ᠤᠨ ᠲᠣᠭᠤᠭᠠᠨ ᠬᠡᠷ ᠤᠬᠢᠶᠠᠯᠭ᠎ᠠ ᠶᠢᠨ ᠦᠷᠦᠬᠡ ᠶᠢ ᠵᠠᠰᠠᠨ ᠴᠢᠮᠡᠭᠯᠡᠬᠦ ᠠᠵᠤ ᠠᠬᠤᠶᠢᠯᠠᠯ ᠤᠨ ᠢᠳᠡᠪᠬᠢᠵᠢᠯ ᠢ ᠭᠦᠶᠴᠡᠳ ᠳᠠᠶᠢᠴᠢᠯᠠᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢ ᠲᠦᠷᠭᠡᠳᠬᠡᠨ᠂ ᠪᠣᠳᠠᠲᠤ ᠦᠷ᠎ᠡ ᠪᠦᠲᠦᠮᠵᠢ ᠪᠠᠷ ᠬᠡᠷᠡᠭᠯᠡᠭᠡ ᠶᠢᠨ ᠣᠷᠣᠨ ᠪᠦᠰᠡ ᠶᠢᠨ ᠠᠵᠤ ᠠᠬᠤᠶ ᠶᠢ ᠳᠠᠶᠢᠴᠢᠯᠠᠬᠤ ᠦᠶᠯᠡᠳᠦᠯ ᠢ ᠴᠢᠩᠭᠠᠷᠠᠭᠤᠯᠪᠠ᠃      ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠡᠷᠡᠭᠯᠡᠭᠡ ᠶᠢ ᠠᠬᠢᠭᠤᠯᠬᠤ ᠲᠤᠬᠠᠢ ᠡᠯ᠎ᠡ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠤᠯᠠᠮᠵᠢᠯᠠᠯᠲᠤ ᠪᠠᠶᠠᠷ ᠲᠤᠷᠠᠰᠬᠠᠯ ᠤᠨ ᠡᠳᠦᠷ ᠲᠠᠢ ᠤᠶᠠᠯᠳᠤᠭᠤᠯᠤᠨ ᠬᠠᠮᠤᠷᠬᠤ ᠬᠡᠪᠴᠢᠶ᠎ᠡ ᠪᠠᠷ ᠥᠷᠭᠡᠨ᠂ ᠤᠷᠤᠯᠴᠠᠬᠰᠠᠨ ᠠᠵᠤ ᠠᠬᠤᠶᠢᠯᠠᠯ ᠣᠯᠠᠨ ᠪᠠᠶᠢᠬᠤ ᠪᠣᠷᠣᠯᠠᠭᠤᠯᠭ᠎ᠠ ᠶᠢ ᠠᠬᠢᠭᠤᠯᠬᠤ ᠠᠯᠢ ᠣᠯᠠᠨ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠠᠷᠠᠳ ᠤᠨ ᠴᠢᠨᠠᠷ ᠰᠠᠶᠢᠲᠠᠶ ᠬᠡᠷᠡᠭᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠪᠠ᠃    ︽ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠪᠦᠬᠦᠨ ᠢ ᠪᠦᠷᠬᠦᠬᠦᠯᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠬᠥᠭᠵᠢᠯᠲᠡ ᠶᠢᠨ ᠰᠡᠳᠬᠢᠮᠵᠢ ᠪᠠᠷ ᠤᠷᠢᠲᠠᠯ ᠪᠣᠯᠭᠠᠵᠤ᠂ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ ᠳᠠᠯᠳᠠ ᠬᠦᠴᠦᠨ ᠢ ᠦᠷᠭᠦᠯᠵᠢᠯᠡᠨ ᠬᠦᠨᠵᠡᠬᠡᠢ ᠠᠭᠤᠳᠠᠯᠵᠤ᠂ ︿ᠨᠢᠭᠡ ᠠᠵᠤ ᠠᠬᠤᠶᠢᠯᠠᠯ ᠨᠢᠭᠡ ᠦᠶᠯᠡᠳᠬᠦᠨ﹀ ᠤ ᠠᠵᠤ ᠠᠬᠤᠶᠢᠯᠠᠯ ᠤᠨ ᠦᠶᠯᠡᠳᠬᠦᠨ ᠤ ᠪᠦᠯᠦᠭᠵᠢᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ︿ᠰᠠᠷ᠎ᠠ ᠰᠠᠷ᠎ᠠ ᠠᠵᠢᠯᠯᠠᠭ᠎ᠠ ᠲᠠᠢ᠂ ᠳᠡᠯᠭᠡᠭᠦᠷ ᠪᠦᠬᠦᠨ ᠭᠤᠤᠯ ᠰᠡᠳᠦᠪ ᠲᠠᠢ﹀ ᠪᠣᠷᠣᠯᠠᠭᠤᠯᠭ᠎ᠠ   ᠶᠢ ᠠᠬᠢᠭᠤᠯᠬᠤ ᠵᠠᠭᠪᠤᠷ ᠢ ᠪᠦᠷᠢᠯᠳᠦᠭᠦᠯᠦᠨ᠎ᠡ︾ ᠭᠡᠵᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠤᠸᠠᠢ ᠵᠢᠶᠤᠤ ᠬᠡᠯᠡᠪᠡ᠃ ︵ᠰᠤᠷᠪᠤᠯᠵᠢᠯᠠᠭᠴᠢ᠄ ᠶᠠᠨ ᠢ ᠫᠸᠢ᠂ ᠭᠦᠸᠧ ᠪᠢᠩ ᠰᠢᠨ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号