ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/12/18
     ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ   ᠤᠨ  ᠵᠠᠷᠤᠯᠭ᠎ᠠ ᠡᠴᠠ‌‍ᠪᠣᠯᠤᠭᠰᠠᠨ ᠠᠵᠤ ᠠᠬᠤᠶ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠳᠠ ᠭᠡᠬᠦ ᠭᠤᠷᠪᠠᠨ‌ᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ  ᠳᠠᠷᠤᠭᠠᠰᠤ ᠶᠢ ᠱᠠᠲᠤ ᠳᠠᠷᠠᠭᠠᠯᠠᠨ  ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ  ︽ᠬᠦᠨᠳᠦ  ᠡᠪᠡᠳᠴᠢᠨ ᠤ ᠳᠠᠭᠠᠳᠬᠠᠯ︾  ᠭᠡᠵᠦ‌‍ᠲ᠋ᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ  ᠡᠪᠡᠳᠴᠢᠲᠡᠨ ‍ᠤ‌‍ᠶᠡᠭᠡ ᠲᠣᠭᠠᠨ ᠤ ᠡᠮ ᠡᠮᠨᠡᠯᠭᠡ ᠶᠢᠨ  ᠰᠦᠢᠳᠭᠡᠯ ᠤᠨ  ᠲᠦᠷᠢᠮ ᠤᠨ ᠲᠣᠬᠢᠷᠠᠭᠤᠯᠤᠯᠲᠠ ᠶᠢ  ᠤᠯᠠᠮ ᠴᠢᠨᠠᠬᠰᠢᠳᠠ ᠪᠠᠲᠤᠯᠠᠬᠤ ᠪᠣᠯᠤᠨ᠎ᠠ᠃             ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ  ᠰᠦᠢᠳᠭᠡᠯ ᠲᠤᠰᠢᠶᠠᠬᠤ ᠪᠣᠶ︖             ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ  ᠲᠦᠷᠢᠮ ᠢ ᠲᠤᠰᠠᠭᠠᠷ ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂  ᠪᠣᠶ ᠪᠥᠬᠦᠶ ᠰᠦᠢᠳᠭᠡᠯ ᠢ ᠲᠤᠰᠢᠶᠠᠵᠦ  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ‌ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ  2012 ᠣᠨ ᠳᠤ ᠲᠤᠷᠰᠢᠯᠲᠠ  ᠬᠢᠬᠦ  ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃           ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖            ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ‌‍ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ‌ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ‌ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ  ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ  ᠪᠣᠯᠬᠤ‌ᠣᠷᠣᠯᠭ᠎ᠠ ᠶᠢᠨ 6 ᠳᠠᠬᠢᠨ ᠣᠷᠴᠢᠮ  ᠬᠦᠷᠭᠡᠨ᠎ᠡ᠃  ᠬᠦᠴᠢᠷᠳᠡᠯᠲᠡᠶ ᠬᠥᠮᠦᠰ ᠲᠤ  ᠴᠢᠭᠯᠡᠭᠦᠯᠦᠨ᠂ ᠤᠯᠤᠰ ᠠᠴᠠ ᠬᠦᠨᠳᠦ‌ᠡᠪᠡᠳᠴᠢᠨ ᠤ  ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ‌‍ᠲ᠋ᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠵᠢᠨ‌‍ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ  ᠬᠦᠨᠳᠦ‌ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠬᠦᠴᠦᠨ‌ᠥᠬᠡᠶ ᠪᠣᠯᠭᠠᠨ᠎ᠠ᠃            ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖             ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠵᠢᠨ‌‍ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ‌ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ  ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃             ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ  ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖           ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ  ᠵᠢᠨ‌‍ᠲ᠋ᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ ᠡᠮᠨᠡᠯᠭᠡ ᠶᠢᠨ ᠳᠠᠭᠠᠳᠬᠠᠯ ‍ᠤᠨ‌ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ   ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ  ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ  ᠠᠪᠬᠤ  ᠠᠷᠭ᠎ᠠ  ᠮᠠᠶ᠋ᠢᠭ ᠢᠶᠠᠷ  ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ  ᠲᠤᠬᠠᠶᠢᠯᠠᠭᠰᠠᠨ ᠠᠵᠢᠯ ᠢ ᠳᠠᠭᠠᠭᠠᠨ  ᠬᠢᠯᠭᠡᠵᠦ  ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ  ᠪᠠ ᠬᠦᠨᠳᠦ ᠡᠪᠡᠳᠴᠢᠨ ᠤ  ᠳᠠᠭᠠᠳᠬᠠᠯ ᠠᠴᠠ ᠭᠠᠳᠠᠨ᠎ᠠ᠂  ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号