ᠠᠨᠱᠠᠨ ᠵᠡᠭᠡᠯᠢ ᠭᠤᠳᠤᠮᠵᠢ ᠪᠦᠬᠦ ᠬᠦᠴᠦᠨ ᠢᠶᠠᠷ ᠢᠶᠠᠨ ᠪᠣᠳᠠᠲᠤ ᠶᠠᠪᠤᠳᠠᠯ ᠬᠢᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/12/19
     ᠠᠨᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠶᠯᠡᠴᠢᠯᠡᠭᠡᠨ ᠤ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠡᠯ᠎ᠡ ᠵᠦᠶᠯ ᠤᠨ ᠪᠣᠳᠠᠲᠤ ᠶᠠᠪᠤᠳᠠᠯ ᠢ ᠴᠠᠭ ᠲᠤᠬᠠᠶ ᠳᠤᠨᠢ᠂ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠨᠢᠭᠡ ᠳᠤ᠂ ᠰᠠᠭᠤᠷᠢ ᠲᠦᠬᠦᠬᠡᠷᠦᠮᠵᠢ ᠶᠢ ᠳᠡᠰ ᠳᠡᠪᠰᠢᠭᠦᠯᠵᠦ᠂ ᠨᠡᠶᠢᠭᠡᠮ ᠲᠣᠭᠤᠷᠢᠭ ᠤᠨ ᠳᠣᠲᠣᠷᠠᠬᠢ ᠵᠠᠮ᠂ ᠭᠡᠷᠡᠯᠲᠦᠭᠦᠯᠭᠡ᠂ ᠨᠣᠭᠤᠭᠠᠷᠠᠭᠤᠯᠤᠯᠲᠠ ᠵᠡᠷᠭᠡ ᠰᠠᠭᠤᠷᠢ ᠲᠦᠬᠦᠬᠡᠷᠦᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠪᠠ ᠳᠡᠰ ᠳᠡᠪᠰᠢᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ᠂ ᠠᠮᠢᠳᠦᠷᠬᠤ ᠳᠤ ᠳᠥᠭᠦᠮ ᠪᠠᠶᠢᠬᠤ ᠶᠢ ᠦᠨᠡᠨᠬᠦ ᠪᠠᠲᠤᠯᠠᠪᠠ᠃ ᠣᠳᠣᠬᠠᠨ ᠪᠣᠯᠲᠠᠯ᠎ᠠ᠂ ᠨᠡᠶᠢᠲᠡ 132 ᠭᠠᠵᠠᠷ ᠲᠠᠬᠢ 1576 ᠲᠡᠭᠰᠢ ᠳᠥᠷᠪᠡᠯᠵᠢᠨ ᠮᠧᠲᠷ ᠵᠠᠮ ᠤᠨ ᠭᠠᠳᠠᠷᠭᠤ ᠶᠢ  ᠨᠦᠬᠦᠨ ᠵᠠᠰᠠᠵᠤ᠂ 253 ᠭᠠᠵᠠᠷ ᠲᠠᠬᠢ ᠠᠰᠠᠷ ᠤᠨ ᠬᠤᠩᠬᠢᠯ ᠢ ᠭᠡᠷᠡᠯᠲᠦᠭᠦᠯᠵᠦ᠂ 78 ᠵᠠᠮ ᠤᠨ ᠳ᠋ᠧᠩ ᠢ ᠰᠡᠯᠪᠢᠨ ᠵᠠᠰᠠᠵᠤ᠂ ᠬᠤᠷᠢᠶᠠᠯᠠᠯ ᠤᠨ 70    ᠭᠠᠵᠠᠷ ᠲᠤ 110 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠨᠣᠭᠤᠭᠠᠷᠠᠭᠤᠯᠤᠯᠲᠠ ᠶᠢ ᠪᠡᠶᠡᠯᠡᠭᠦᠯᠪᠡ᠃ ᠬᠤᠶᠠᠷ ᠲᠤ᠂ ᠤᠷᠤᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠦᠬᠡᠢ ᠪᠠᠶᠢᠬᠰᠠᠨ ᠭᠠᠵᠠᠷ ᠢ ᠴᠡᠪᠡᠷᠯᠡᠵᠦ᠂ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠴᠡᠭ ᠢ ᠨᠡᠮᠡᠵᠦ    ᠲᠤᠬᠢᠷᠠᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠡᠩ ᠴᠡᠪᠡᠷ ᠲᠡᠭᠰᠢ᠂ ᠲᠠᠭᠠᠯᠠᠮᠵᠢᠲᠠᠢ ᠪᠣᠯᠭᠠᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠥᠬᠦ ᠵᠢᠯ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ 415 ᠴᠡᠭ ᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠭᠥᠯᠢᠶᠡᠨ ᠠᠪᠴᠤ ᠰᠢᠯᠵᠢᠭᠦᠯᠦᠨ ᠲᠡᠭᠡᠭᠡᠪᠦᠷᠢᠯᠡᠬᠦ 1 ᠥᠷᠲᠡᠭᠡ᠂ ᠬᠦᠳᠡᠭᠡ ᠲᠤᠰᠬᠤᠨ ᠮᠠᠯᠵᠢᠬᠤ  ᠤᠷᠤᠨ ᠤ 4 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ 25 ᠨᠡᠭᠦᠳᠡᠯ ᠨᠡᠶᠢᠲᠡ ᠶᠢᠨ ᠵᠣᠷᠯᠣᠩ ᠤᠨ ᠰᠠᠭᠠᠳ ᠥᠬᠡᠶ ᠪᠠᠶᠢᠬᠤ ᠨᠠᠯᠠᠤ ᠵᠠᠮ ᠢ ᠲᠠᠰ ᠳᠡᠪᠰᠢᠭᠦᠯᠦᠨ ᠥᠭᠡᠷᠡᠴᠢᠯᠡᠵᠦ᠂ ᠨᠡᠶᠢᠲᠡ ᠶᠢᠨ ᠵᠣᠷᠯᠣᠩ ᠢ 2153 ᠤᠳᠠᠭ᠎ᠠ᠂ ᠠᠪᠴᠢᠭᠤᠯᠬᠤ ᠰᠠᠪᠠ ᠶᠢ 719 ᠤᠳᠠᠭ᠎ᠠ᠂ ᠰᠢᠯᠵᠢᠬᠦᠯᠦᠨ ᠲᠡᠭᠡᠭᠡᠪᠦᠷᠢᠯᠡᠬᠦ ᠥᠷᠲᠡᠭᠡ ᠶᠢ 485 ᠤᠳᠠᠭ᠎ᠠ᠂ ᠬᠤᠭ ᠨᠤᠪᠰᠢ ᠶᠢᠨ ᠬᠠᠶᠢᠷᠴᠠᠭ ᠢ 188 ᠤᠳᠠᠭ᠎ᠠ ᠴᠠᠭ ᠲᠤᠬᠠᠶ ᠳᠤᠨᠢ ᠰᠡᠯᠪᠢᠨ ᠵᠠᠰᠠᠪᠠ᠃ ᠭᠤᠷᠪᠠ ᠳᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠲᠠᠰ ᠳᠡᠪᠰᠢᠭᠦᠯᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠶᠯᠡᠴᠢᠯᠡᠭᠡ ᠶᠢ ᠢᠳᠡᠪᠬᠢᠲᠡᠶ ᠳᠡᠯᠭᠡᠷᠡᠭᠦᠯᠦᠨ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠳᠥᠭᠦᠮᠴᠢᠯᠡᠵᠦ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠤᠨᠢ ᠳᠥᠭᠦᠮ ᠲᠦᠷᠬᠡᠨ ᠦᠶᠯᠡᠴᠢᠯᠡᠭᠡ ᠬᠦᠷᠲᠡᠭᠡᠪᠠ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠬᠡᠵᠢᠶ᠎ᠡ ᠬᠠᠮᠢᠭ᠎ᠠ ᠴᠤ ᠭᠡᠰᠡᠨ ᠠᠰᠠᠭᠤᠨ ᠯᠠᠪᠯᠠᠬᠤ᠂ ᠪᠠᠶᠢᠴᠠᠭᠠᠨ ᠯᠠᠪᠯᠠᠬᠤ ᠪᠠ ᠲᠤᠬᠠᠶᠢᠯᠠᠭᠰᠠᠨ ᠠᠵᠢᠯ ᠭᠦᠶᠴᠡᠳᠬᠡᠬᠦ ᠳᠤ ᠲᠥᠬᠦᠮ ᠦᠵᠡᠭᠦᠯᠵᠦ᠂ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠭᠠᠷ ᠤᠲᠠᠰᠤᠨ ᠤ App᠂ ᠸᠢᠴᠠᠲ ᠪᠠ ᡁᠢ ᠹᠦ᠋ ᠪᠤᠤ ᠶᠢᠨ ︽ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ︾ ᠤᠨ ᠵᠢᠵᠢᠭ ᠫᠷᠤᠭ᠍ᠷᠠᠮ᠂ ︽ᠮᠥᠩᠬᠡ ᠰᠤᠪᠠᠭ︾ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠮᠢᠳᠤᠯᠢᠭ ᠢᠶᠠᠷ ᠠᠵᠢᠯ ᠤᠯᠤᠬᠰᠠᠳ ᠤᠨ ᠰᠦᠶᠳᠬᠡᠯ ᠲᠤᠰᠢᠶᠠᠬᠤ ᠪᠠ ᠪᠠᠶᠢᠴᠠᠭᠠᠨ ᠯᠠᠪᠯᠠᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠮᠦᠩᠬᠦ ᠤᠯᠭᠤᠮᠵᠢ ᠶᠢ ᠬᠦᠷᠳᠡᠬᠦ ᠬᠢᠷᠢ ᠬᠡᠮ ᠢ ᠭᠡᠷᠡᠴᠢᠯᠡᠭᠡ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠭᠡᠷᠡᠴᠢ ᠶᠢ ᠳᠠᠷᠤᠮᠠᠯᠯᠠᠬᠤ ᠵᠡᠷᠭᠡ ᠮᠠᠰᠢ ᠣᠯᠠᠨ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠭᠠᠷᠲᠠᠨ ᠭᠦᠶᠴᠡᠳᠬᠡᠵᠦ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠵᠦ ᠪᠣᠯᠤᠨ᠎ᠠ᠃ ᠣᠲᠣ ᠪᠣᠯᠲᠠᠯ᠎ᠠ᠂ ᠨᠡᠶᠢᠲᠡ 35193 ᠬᠥᠮᠦᠨ ᠤᠳᠠᠭ᠎ᠠ ᠭᠠᠷ ᠤᠲᠠᠰᠤᠨ ᠤ ᠦᠶᠯᠡᠴᠢᠯᠡᠭᠡ ᠪᠠᠷ ᠳᠡᠮᠵᠢᠨ ᠬᠢᠷᠢ ᠬᠡᠮ ᠤᠨ ᠭᠡᠷᠡᠴᠢᠯᠡᠭᠡ ᠬᠢᠯᠭᠡᠵᠦ᠂ 9.12 ᠲᠦᠮᠡᠨ ᠬᠥᠮᠦᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠴᠠᠶ᠃ ︵ᠠᠨᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号