ᠬᠥᠨᠳᠡᠯᠡᠨ ᠲᠣᠭᠤᠷᠢᠭ ︽ᠡᠷᠦᠬᠡ ᠳᠤ ᠣᠷᠣᠵᠤ ᠰᠡᠳᠬᠢᠯ ᠢᠶᠠᠨ ᠬᠤᠯᠪᠣᠬᠤ︾ ᠣᠯᠠᠨ ᠲᠦᠮᠡᠨ ᠤ ᠡᠷᠡᠭᠦᠯ ᠮᠡᠨᠳᠦ ᠶᠢ ᠰᠠᠬᠢᠨ ᠬᠠᠮᠠᠭᠠᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/12/19
     ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠷᠡᠭᠦᠯ ᠮᠡᠨᠳᠦ ᠶᠢᠨ ᠡᠭᠦᠳᠡ ᠲᠣᠭᠰᠢᠬᠤ ᠠᠵᠢᠯᠯᠠᠭ᠎ᠠ︾ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠡᠮᠴᠢᠯᠡᠭᠡᠨ ᠤ ᠬᠠᠶᠢᠷ᠎ᠠ ᠬᠠᠯᠠᠮᠵᠢ ᠶᠢ ᠬᠥᠳᠡᠯᠵᠦ ᠪᠠᠷᠢᠬᠤ ᠳᠤ ᠳᠥᠭᠦᠮ ᠦᠭᠡᠢ ᠪᠤᠯᠤᠬᠰᠠᠨ ᠨᠠᠰᠤᠲᠠᠶᠢᠴᠤᠳ ᠤᠨ ᠳᠡᠷᠭᠡᠳᠡ ᠬᠦᠷᠭᠡᠪᠡ᠃ ᠲᠣᠰ ᠤᠳᠠᠭᠠᠨ ᠤ ᠠᠵᠢᠯᠯᠠᠭ᠎ᠠ ᠨᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠪᠦᠲᠦᠮᠵᠢᠲᠡᠶ ᠳᠣᠷᠣᠭᠰᠢ ᠪᠠᠭᠤᠯᠭᠠᠬᠤ ᠶᠢ ᠠᠬᠢᠭᠤᠯᠵᠤ᠂ ᠡᠮᠴᠢᠯᠡᠭᠡᠨ ᠤ ᠦᠶᠯᠡᠴᠢᠯᠡᠭᠡ ᠶᠢ ᠬᠦᠴᠦᠯᠡᠨ ᠰᠠᠶᠢᠵᠢᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠬᠰᠠᠨ ᠶᠤᠮ᠃ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠡᠪᠡᠳᠴᠢᠨ ᠤ ᠲᠡᠦᠬᠡ ᠵᠢᠴᠢ ᠡᠮ ᠬᠡᠷᠡᠭᠯᠡᠭᠰᠡᠨ ᠪᠠᠶᠢᠳᠠᠯ ᠢ ᠠᠰᠠᠭᠤᠬᠤ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠥᠰᠦᠯ ᠢ ᠲᠣᠭᠲᠠᠭᠠᠵᠤ᠂ ᠨᠠᠰᠤᠲᠠᠶᠢᠴᠤᠳ ᠲᠤ ᠨᠠᠩ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ᠂ ᠳᠥᠭᠦᠮ ᠲᠦᠷᠬᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡ ᠬᠦᠷᠲᠡᠭᠡᠪᠠ᠃ ᠣᠳᠣᠬᠠᠨ ᠪᠣᠯᠲᠠᠯ᠎ᠠ᠂ ᠨᠡᠶᠢᠲᠡ 337 ᠡᠮᠨᠡᠯᠭᠡ ᠶᠢᠨ ᠠᠵᠢᠯᠲᠠᠨ ᠢ ᠲᠣᠮᠢᠯᠠᠵᠤ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ 409 ᠤᠳᠠᠭ᠎ᠠ ᠥᠷᠨᠢᠭᠦᠯᠵᠦ᠂ 796 ᠬᠦᠮᠦᠨ ᠤᠳᠠᠭ᠎ᠠ ᠳᠤ ᠡᠷᠦᠬᠡ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠬᠦ ᠶᠢ    ᠪᠡᠶᠡᠯᠡᠬᠦᠯᠵᠤ᠂ ᠡᠯ᠎ᠡ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ 3987 ᠨᠠᠰᠤᠲᠠᠨ ᠳᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠦᠭᠬᠦᠨ᠂ ᠣᠯᠠᠨ ᠲᠦᠮᠡᠨ ᠤ ᠡᠬᠦᠳᠡᠨ ᠳᠤ ᠬᠦᠷᠴᠦ ᠨᠠᠩ ᠴᠢᠨᠠᠷ ᠰᠠᠶᠢᠲᠠᠶ᠂ ᠨᠠᠩ ᠬᠠᠯᠠᠭᠤᠨ ᠳᠤᠯᠠᠭᠠᠨ ᠡᠮᠴᠢᠯᠡᠭᠡᠨ ᠤ ᠦᠶᠯᠡᠴᠢᠯᠡᠭᠡ ᠬᠦᠷᠲᠡᠭᠡᠪᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号