ᠬᠥᠨᠳᠡᠯᠡᠨ ᠲᠣᠭᠤᠷᠢᠭ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠦᠨ ᠭᠤᠷᠪᠠᠨ ᠲᠤᠯᠭᠠᠭᠤᠷᠢᠯᠠᠯ︾  ᠢᠶᠠᠷ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/12/19
     ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠵᠢᠷᠤᠮᠯᠠᠵᠤ᠂ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ︾ ᠶᠢ ᠪᠣᠳᠠᠲᠠᠢ ᠠᠳᠬᠤᠵᠤ᠂ ︽ᠭᠤᠷᠪᠠᠨ ᠲᠤᠯᠭᠠᠭᠤᠷᠢᠯᠠᠯ︾ ᠢ ᠬᠦᠴᠦᠷᠭᠡᠭᠵᠢᠬᠦᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠪᠠ᠃ ᠨᠢᠭᠡ ᠳᠤ᠂ ᠡᠯᠧᠮᠧᠨ᠋ᠲ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠤᠯᠭᠠᠭᠤᠷᠢᠯᠠᠯ ᠢ ᠴᠢᠩᠭᠠᠳᠬᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠶᠢᠨ ᠬᠥᠮᠥᠷᠭᠡ ᠶᠢ ᠰᠢᠯᠢᠳᠡᠭᠵᠢᠭᠦᠯᠦᠨ ᠰᠢᠨᠡᠳᠬᠡᠵᠦ᠂ ᠬᠠᠤᠯᠢᠴᠢ ᠶᠢᠨ ᠡᠩᠨᠡᠭᠡ ᠶᠢᠨ ᠪᠦᠲᠦᠴᠡ ᠶᠢ ᠲᠡᠭᠦᠯᠳᠡᠷᠵᠢᠭᠦᠯᠦᠨ᠂ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠪᠦᠷᠬᠦᠴᠡ ᠶᠢ ᠪᠠᠶᠠᠯᠢᠭᠵᠢᠭᠤᠯᠵᠤ᠂ ᠦᠶᠯᠡᠴᠢᠯᠡᠭᠡᠨ ᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠶᠢᠨ ᠪᠦᠯᠬᠦᠮ ᠨᠡᠶᠢᠲᠡ ᠶᠢ ᠪᠠᠶᠢᠭᠤᠯᠪᠠ᠃ ᠡᠭᠦᠨ ᠤ ᠬᠠᠮᠲᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠨ᠂ ᠬᠠᠦᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠨᠡᠷ ᠤᠨ ᠬᠡᠷᠡᠭ ᠢ ᠴᠠᠭ ᠲᠤᠬᠠᠶ ᠳᠤᠨᠢ ᠬᠦᠯᠢᠶᠡᠨ ᠠᠪᠴᠤ ᠰᠢᠶᠳᠪᠦᠷᠢᠯᠡᠬᠦ ᠳᠤ ᠦᠭᠬᠦ ᠨᠥᠬᠦᠪᠥᠷᠢ ᠵᠠᠷᠤᠳᠠᠯ ᠢ ᠦᠨᠡᠨᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠠᠰᠠᠭᠤᠳᠠᠯ ᠢ ᠨᠢ ᠰᠢᠶᠳᠪᠦᠷᠢᠯᠡᠵᠦ ᠦᠭᠪᠡ᠃ ᠬᠤᠶᠠᠷ ᠲᠤ᠂ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠪᠠ᠃ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠪᠠᠯᠭᠠᠰᠤ ᠵᠡᠭᠡᠯᠢ ᠭᠤᠳᠤᠮᠵᠢ ᠵᠡᠷᠭᠡ ᠬᠦᠷᠢᠶᠡᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠴᠡᠭ ᠢ ᠪᠠᠶᠢᠭᠤᠯᠵᠤ᠂ ᠬᠥᠨᠳᠡᠯᠡᠨ ᠭᠤᠯᠳᠤ ᠬᠤᠶᠠᠷ ᠴᠢᠭᠯᠡᠯ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ︽ᠭᠤᠷᠪᠠᠨ ᠱᠠᠲᠤ︾ ᠶᠢᠨ ᠪᠠᠶᠢᠷᠢᠰᠢᠯ ᠤᠨ ᠰᠢᠰᠲ᠋ᠧᠮ ᠢ ᠪᠦᠷᠢᠯᠳᠦᠬᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠲᠡᠯ᠎ᠡ ᠤᠷᠲᠤᠳᠬᠠᠬᠤ ᠶᠢ ᠦᠨᠡᠨᠬᠦ ᠪᠠᠲᠤᠯᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠢᠶᠠᠷ ᠤᠳᠤᠷᠢᠳᠤᠮᠵᠢ ᠪᠣᠯᠭᠠᠭᠰᠠᠨ᠂ ᠬᠠᠤᠯᠢ ᠴᠠᠭᠠᠵᠠ ᠶᠢᠨ ᠵᠦᠪᠯᠡᠯᠬᠡ ᠥᠭᠬᠦ᠂ ᠬᠡᠷᠡᠭ ᠰᠢᠶᠳᠪᠦᠷᠢᠯᠡᠬᠦ᠂ ᠲᠤᠰᠠᠯᠠᠬᠤ ᠪᠠ ᠲᠣᠬᠢᠷᠠᠭᠤᠯᠬᠤ ᠶᠢ ᠵᠣᠯᠭᠠᠭᠤᠯᠬᠤ ᠪᠠᠷ ᠭᠤᠣᠯᠳᠠᠯᠭ᠎ᠠ ᠪᠣᠯᠭᠠᠭᠰᠠᠨ ︽ᠬᠡᠯᠬᠢᠶ᠎ᠡ ᠮᠠᠶ᠋ᠢᠭ ᠤᠨ ᠬᠠᠤᠯᠢ ᠴᠠᠭᠠᠵᠠ ᠶᠢᠨ ᠲᠤᠰᠠᠯᠠᠮᠵᠢ︾ ᠶᠢᠨ ᠠᠵᠢᠯ ᠤᠨ    ᠶᠠᠪᠤᠴᠠ ᠶᠢ ᠪᠦᠷᠢᠯᠳᠦᠬᠦᠯᠵᠤ᠂ ᠮᠠᠲ᠋ᠧᠷᠢᠶᠠᠯ ᠳᠤᠲᠠᠭᠳᠠᠵᠤ ᠪᠠᠶᠢᠭ᠎ᠠ ᠶᠢ ᠠᠭᠤᠴᠢᠯᠠᠨ ᠬᠦᠯᠢᠶᠡᠨ ᠠᠪᠴᠤ ᠰᠢᠶᠳᠪᠦᠷᠢᠯᠡᠬᠦ᠂ ᠬᠦᠴᠢᠷᠳᠡᠯ ᠲᠠᠢ ᠤᠯᠠᠨ ᠲᠦᠮᠡᠨ ᠠᠮᠠᠯᠠᠯᠲᠠ ᠬᠢᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂  ᠪᠦᠬᠦ ᠬᠤᠲᠠ ᠶᠢᠨ ᠬᠡᠪᠴᠢᠶᠡᠨ ᠳᠤ ᠨᠢᠬᠡᠳᠦᠯᠳᠡᠢ ᠭᠦᠢᠴᠡᠳᠬᠡᠬᠦ ᠵᠡᠷᠭᠡ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠨᠡᠩ  ᠲᠦᠬᠦᠮ ᠲᠦᠷᠭᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠪᠠ᠃ ᠭᠤᠷᠪᠠ ᠳᠤ᠂ ᠦᠶᠯᠡᠴᠢᠯᠡᠭᠡ ᠶᠢ ᠵᠢᠷᠤᠮᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠢᠮ ᠤᠨ ᠲᠤᠯᠭᠠᠭᠤᠷᠢᠯᠠᠯ ᠢ ᠴᠢᠩᠭᠠᠳᠬᠠᠪᠠ᠃ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠲᠣᠮᠢᠯᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠴᠢᠩᠭ᠎ᠠ ᠵᠢᠷᠤᠮᠵᠢᠭᠤᠯᠵᠤ᠂ ᠬᠡᠷᠡᠭ ᠤᠨ ᠲᠠᠩᠰᠨ ᠡᠪᠬᠡᠮᠡᠯ ᠢ ᠥᠪᠡᠰᠦᠪᠡᠨ ᠬᠢᠨᠠᠵᠤ ᠥᠪᠡᠰᠦᠪᠡᠨ ᠪᠠᠶᠢᠴᠠᠭᠠᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠤᠢ ᠪᠣᠯᠭᠠᠵᠤ᠂ ᠲᠢᠩᠬᠢᠮ ᠤᠨ ᠰᠢᠭᠦᠯᠲᠡ ᠳᠤ ᠰᠤᠯᠠ ᠰᠣᠨᠣᠰᠬᠤ ᠪᠠ ᠲᠤᠰᠠᠯᠠᠮᠵᠢ ᠬᠦᠷᠳᠡᠭᠴᠢ ᠶᠢ ᠬᠠᠷᠢᠭᠤ ᠰᠤᠷᠪᠤᠯᠵᠢᠯᠠᠬᠤ ᠠᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠪᠦᠬᠦ ᠶᠠᠪᠤᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠪᠦᠬᠦ ᠲᠠᠯ᠎ᠠ ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 339 ᠬᠤᠪᠢ ᠭᠥᠯᠢᠶᠡᠨ ᠠᠪᠴᠤ ᠰᠢᠶᠳᠪᠦᠷᠢᠯᠡᠨ᠂ 600 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠠᠴᠠ ᠵᠠᠶᠢᠯᠠᠰᠬᠢᠬᠦ ᠪᠤᠶᠤ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠬᠦᠴᠢᠷᠳᠡᠯᠲᠡᠶ ᠣᠯᠠᠨ ᠲᠦᠮᠡᠨ ᠳᠤ ᠣᠷᠣᠯᠠᠨ ᠬᠦᠢᠴᠡᠳᠬᠡᠬᠦ ᠰᠦᠢᠳᠬᠡᠯ᠂ ᠥᠮᠥᠭᠯᠡᠬᠦ ᠰᠦᠶᠳᠬᠡᠯ ᠵᠡᠷᠬᠡ ᠶᠢ 70 ᠭᠠᠷᠤᠶ ᠲᠦᠮᠡᠨ ᠲᠥᠭᠦᠷᠢᠭ ᠬᠡᠯᠲᠦᠷᠢᠭᠦᠯᠵᠦ᠂ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢᠲᠠᠶ ᠪᠠᠶᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号