ᠬᠥᠨᠳᠡᠯᠡᠨ ᠲᠣᠭᠤᠷᠢᠭ ᠤᠨ ᠰᠤᠷᠤᠭᠴᠢᠳ 38 ᠳ᠋ᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/12/19
    ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ    ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ ᠬᠠᠮᠳᠤᠷᠠᠨ ᠭᠤᠤᠯᠯᠠᠨ ᠡᠷᠭᠢᠯᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠬᠥᠭᠵᠢᠭᠡᠬᠦ᠂ ᠰᠢᠨ᠎ᠡ ᠶᠢ ᠡᠭᠦᠳᠬᠦ ᠰᠡᠳᠬᠢᠬᠦᠶ ᠪᠠ ᠦᠶᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠪᠣᠯᠤᠨ᠎ᠠ᠃ ᠡᠭᠦᠨ ᠳᠤ᠂ ᠪᠤᠭᠤᠲᠤ ᠬᠤᠲᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠯᠢᠦ ᡁᠢ ᠴᠢ ᠭᠤᠴᠢᠨ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠪᠤᠭᠤᠲᠤ ᠬᠤᠲᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠬᠴᠢ ᠸᠠᠩ ᠬᠠᠨ ᠱᠦᠸᠧ ᠬᠡᠦᠬᠡᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠶ ᠪᠣᠳᠣᠯ ᠤᠨ ᠵᠢᠷᠤᠭ ᠤᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ︔ ᠪᠤᠭᠤᠲᠤ ᠬᠤᠲᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠮᠧᠩ ᠪᠠᠶ ᠲᠤᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号