ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠨᠥᠬᠦᠪᠥᠷᠢ ᠪᠣᠯ ᠮᠠᠨ ᠤ ᠤᠯᠤᠰ ᠤᠨ ᠲᠦᠷᠦᠬᠦᠦ ᠵᠠᠭᠤᠨ ᠤ | ᠲᠠᠪᠢᠭᠠᠳ ᠣᠨ ᠳᠤ ᠬᠡᠷᠡᠭᠵᠢᠭᠦᠯᠦᠭᠰᠡᠨ ᠨᠢᠭᠡ ᠵᠦᠢᠯ ᠤᠨ ᠳᠦᠷᠢᠮ ᠪᠣᠯᠤᠨ᠎ᠠ᠃ ᠲᠤᠬᠠᠢ ᠶᠢᠨ ᠦᠶ᠎ᠡ ᠳᠤ᠂ | ᠳᠤᠯᠠᠭᠠᠯᠠᠭ᠎ᠠ ᠶᠢᠨ ᠨᠥᠬᠦᠪᠥᠷᠢ ᠨᠢ ᠳᠠᠷᠤᠢ ᠲᠦᠷᠦ ᠶᠢᠨ ᠪᠠᠶᠢᠭᠤᠯᠭ᠎ᠠ ᠵᠢᠴᠢ ᠠᠵᠤ ᠠᠬᠤᠶᠢᠯᠠᠯ ︵ᠠᠷᠠᠳ | ᠨᠡᠶᠢᠲᠡ ᠶᠢᠨ ᠥᠮᠴᠢᠯᠡᠯ ᠤᠨ ᠠᠵᠤ ᠠᠬᠤᠶᠢᠯᠠᠯ︶ ᠤᠨ ᠠᠵᠢᠯ ᠦᠢᠯᠡᠰ ᠤᠨ ᠨᠢᠭᠡᠴᠡ ᠶᠢᠨ ᠠᠵᠢᠯᠳᠠᠨ | ᠠᠵᠢᠯᠴᠢᠨ ᠳᠤ ᠬᠦᠷᠳᠡᠭᠡᠬᠦ ᠨᠢᠭᠡ ᠵᠦᠢᠯ ᠤᠨ ᠠᠰᠠᠷᠠᠮᠵᠢ ᠪᠠᠶᠢᠪᠠ᠃ ᠬᠤᠪᠢ ᠶᠢᠨ ᠡᠵᠡᠩᠨᠡᠭᠰᠡᠨ᠂ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠠᠵᠢᠯᠳᠠᠨ ᠠᠵᠢᠯᠴᠢᠨ ᠳᠠᠭᠠᠨ ᠳᠤᠯᠠᠭᠠᠯᠠᠭ᠎ᠠ ᠶᠢᠨ ᠨᠥᠬᠦᠪᠥᠷᠢ ᠥᠭᠬᠦ ᠡᠰᠡᠬᠦ ᠶᠢᠨ | ᠲᠤᠬᠠᠢ ᠮᠠᠨ ᠤ ᠤᠯᠤᠰ ᠤᠨ ᠬᠠᠤᠯᠢ ᠴᠠᠭᠠᠵᠠ ᠳᠤ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠪᠠᠶᠢᠬᠰᠠᠨ ᠦᠭᠡᠢ | ᠪᠤᠯᠬᠤᠷ ᠠᠵᠤ ᠠᠬᠤᠶᠢᠯᠠᠯ ᠤᠳ ᠨᠢ ᠡᠵᠡᠩᠨᠡᠯᠲᠡ ᠶᠢᠨ ᠪᠠᠶᠢᠳᠠᠯ ᠢᠶᠠᠨ ᠦᠨᠳᠦᠰᠦᠯᠡᠨ ᠥᠪᠡᠰᠦᠪᠡᠨ ᠲᠣᠭᠲᠠᠭᠠᠵᠤ | ᠪᠠᠶᠢᠵᠠᠢ᠃ | ᠡᠭᠦᠨ ᠠᠴᠠ ᠭᠠᠳᠠᠨ᠎ᠠ᠂ ︽ᠠᠵᠤ ᠠᠬᠤᠶᠢᠯᠠᠯ ᠤᠨ ᠴᠠᠯᠢᠩ᠂ ᠴᠠᠯᠢᠩ ᠤᠨ ᠮᠥᠩᠭᠦ ᠵᠢᠴᠢ ᠠᠵᠢᠯᠳᠠᠨ | ᠠᠵᠢᠯᠴᠢᠨ ᠤ ᠠᠰᠠᠷᠠᠮᠵᠢ ᠶᠢᠨ ᠵᠠᠷᠤᠳᠠᠯ ᠢ ᠰᠠᠭᠤᠯᠭᠠᠨ ᠠᠪᠬᠤ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠤᠪᠴᠢᠶ᠎ᠠ ᠶᠢᠨ ᠮᠡᠳᠡᠭᠳᠡᠯ︾ ᠳᠤ ︽ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢ ᠬᠡᠷᠡᠭᠵᠢᠭᠦᠯᠬᠦ ᠲᠦᠷᠢᠮ︾ ᠤᠨ ᠳᠥᠴᠢᠳᠦᠭᠡᠷ ᠵᠦᠢᠯ ᠳᠤ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠠᠰᠠᠷᠠᠮᠵᠢ ᠶᠢᠨ ᠵᠠᠷᠤᠳᠠᠯ ᠳᠤ ᠳᠣᠣᠷᠠᠬᠢ ᠠᠭᠤᠯᠭ᠎ᠠ ᠪᠠᠭᠲᠠᠨ᠎ᠠ ᠭᠡᠵᠦ ᠲᠣᠳᠣᠷᠬᠠᠢ ᠲᠣᠭᠲᠠᠭᠠᠵᠠᠢ᠃ |