ᠨᠢᠭᠡ ᠳᠤ᠂ ︽ᠡᠳᠦᠷ ᠲᠤᠲᠤᠮ ᠤᠨ ᠲᠣᠭᠤᠷᠢᠨ ᠪᠠᠶᠢᠴᠠᠭᠠᠬᠤ︾ ᠪᠣᠭᠤᠮᠲᠠ ᠶᠢ ᠰᠠᠶᠢᠲᠤᠷ ᠰᠠᠬᠢᠵᠤ᠂ | ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠪᠠ᠃ ᠤᠷᠤᠨ ᠰᠠᠭᠤᠴᠠ ᠶᠢ ᠵᠠᠰᠠᠨ ᠴᠢᠮᠡᠭᠯᠡᠵᠤ ᠡᠭᠦᠰᠦᠭᠰᠡᠨ ᠬᠤᠭ | ᠨᠣᠪᠰᠢ ᠶᠢ ᠲᠠᠯᠳᠠᠭᠤᠷ ᠳᠤᠷ᠎ᠠ ᠪᠠᠷ ᠢᠶᠠᠨ ᠬᠠᠶᠠᠬᠤ ᠭᠤᠣᠯᠳᠠᠯᠭ᠎ᠠ ᠲᠠᠢ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ | ᠵᠢᠵᠢᠬᠦᠷᠯᠡᠨ ᠰᠠᠬᠢᠬᠤ ᠬᠦᠴᠦᠨ ᠢ ᠨᠡᠮᠡᠭᠳᠡᠬᠦᠯᠬᠦ ᠪᠠᠷ ᠳᠠᠮᠵᠢᠨ᠂ ᠰᠥᠨᠢ ᠶᠢᠨ ᠲᠣᠭᠤᠷᠢᠨ ᠪᠠᠶᠢᠴᠠᠭᠠᠬᠤ | ᠳᠠᠪᠲᠠᠮᠵᠢ ᠶᠢ ᠳᠡᠭᠡᠭᠰᠢᠯᠡᠭᠦᠯᠵᠦ᠂ ᠤᠷᠤᠢ ᠶᠢᠨ ᠠᠷᠪᠠᠨ ᠴᠠᠭ ᠠᠴᠠ ᠲᠠᠷᠠᠭ᠎ᠠ ᠥᠷᠯᠥᠭᠡ ᠶᠢᠨ ᠬᠤᠶᠠᠷ ᠴᠠᠭ | ᠪᠣᠯᠲᠠᠯ᠎ᠠ᠂ ᠬᠦᠨᠳᠡᠯᠡᠨ ᠭᠤᠤᠯ ᠪᠠᠯᠭᠠᠰᠤ᠂ ᠺᠦᠨᠪᠸᠢ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠤ | ᠭᠤᠣᠯᠳᠠᠯᠭ᠎ᠠ ᠲᠠᠢ ᠲᠡᠭᠡᠭᠡᠪᠦᠷᠢ ᠶᠢᠨ ᠱᠤᠭᠤᠮ᠂ ᠲᠠᠯᠳᠠᠭᠤᠷ ᠬᠤᠭ ᠨᠤᠪᠰᠢ ᠶᠢ ᠳᠤᠷ᠎ᠠ ᠪᠠᠷ ᠨᠢ ᠬᠠᠶᠠᠬᠤ ᠶᠠᠪᠤᠳᠠᠯ | ᠠᠮᠠᠷᠬᠠᠨ ᠡᠬᠦᠰᠬᠦ ᠣᠷᠣᠨ ᠪᠦᠰᠡ ᠳᠤ ᠬᠡᠨᠡᠳᠡᠬᠦᠯᠦᠨ ᠪᠠᠶᠢᠴᠠᠭᠠᠯᠲᠠ ᠬᠢᠵᠦ᠂ ︽ᠪᠠᠭᠤᠷᠠᠢ ᠴᠠᠭ ᠬᠤᠭᠤᠴᠠᠭ᠎ᠠ ᠶᠢᠨ | ᠬᠡᠰᠡᠭ︾ ᠤᠨ ᠬᠤᠳᠠ ᠶᠢᠨ ᠳᠦᠷᠢ ᠲᠥᠷᠬᠦ ᠶᠢᠨ ᠡᠮᠬᠢ ᠵᠢᠷᠤᠮ ᠢ ︽ᠵᠠᠪᠰᠠᠷ ᠦᠭᠡᠢ︾ ᠬᠠᠮᠢᠶᠠᠷᠤᠨ ᠡᠵᠡᠮᠳᠡᠵᠦ᠂ | ᠥᠨᠳᠥᠷ ᠳᠠᠷᠤᠯᠲᠠᠲᠤ ᠴᠡᠭᠴᠡᠯᠡᠨ ᠵᠠᠰᠠᠬᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠴᠠᠬᠢᠯᠭᠠᠨ ᠬᠥᠳᠡᠯᠭᠡᠭᠦᠷᠲᠦ | ᠭᠤᠷᠪᠠᠨ ᠬᠦᠷᠳᠦᠲᠦ ᠲᠡᠷᠭᠡ ᠪᠠᠷ ᠬᠤᠭ ᠨᠣᠪᠰᠢ ᠶᠢ ᠲᠠᠯᠳᠠᠭᠤᠷ ᠬᠠᠶᠠᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠷᠢᠶ᠎ᠠ ᠣᠷᠣᠨ ᠤ ᠬᠤᠳᠠ ᠶᠢᠨ ᠳᠦᠷᠢ ᠲᠥᠷᠬᠦ ᠶᠢᠨ ᠣᠷᠴᠢᠨ ᠨᠥᠬᠦᠴᠡᠯ ᠢ ᠤᠯᠠᠮ ᠨᠢᠭᠡ | ᠠᠯᠬᠤᠮ ᠳᠡᠭᠡᠭᠰᠢᠯᠡᠭᠦᠯᠪᠠ᠃ ᠬᠤᠶᠠᠷ ᠲᠤ᠂ ︽ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ︾ | ᠪᠣᠭᠤᠮᠲᠠ ᠶᠢ ᠰᠠᠶᠢᠲᠤᠷ ᠰᠠᠬᠢᠵᠤ᠂ ᠪᠠᠶᠢᠴᠠᠭᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠠ᠃ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠤᠨᠢᠨ ᠲᠡᠬᠡᠷ᠎ᠡ ᠨᠢ ᠴᠣᠬᠢᠯᠲᠠ ᠥᠭᠬᠦ ᠶᠢᠨ ᠲᠥᠯᠥᠭᠡ᠂ | ᠬᠠᠤᠯᠢ ᠬᠡᠷᠡᠭᠵᠢᠭᠦᠯᠬᠦ ᠠᠩᠭᠢ ᠰᠠᠨᠠᠭᠠᠴᠢᠯᠠᠭ᠎ᠠ ᠠᠴᠠ ᠪᠠᠨ ᠬᠡᠨᠡᠳᠡᠬᠦᠯᠦᠨ ᠪᠠᠶᠢᠴᠠᠭᠠᠵᠤ᠂ ᠬᠠᠷᠢᠶ᠎ᠠ ᠭᠠᠵᠠᠷ ᠤᠨ | ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ᠂ ᠸᠢᠳᠢᠤ᠋ ᠪᠠᠷ ᠬᠢᠨᠠᠨ ᠡᠵᠡᠮᠳᠡᠵᠦ᠂ ᠬᠠᠷᠢᠶ᠎ᠠ ᠣᠷᠣᠨ ᠤ ᠳᠣᠲᠣᠷᠠᠬᠢ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠯᠠᠨ ᠡᠬᠦᠰᠳᠡᠭ ᠵᠠᠮ ᠤᠨ ᠬᠡᠰᠡᠭ ᠲᠤ ᠲᠣᠭᠠᠴᠢᠯᠠᠭᠰᠠᠨ ᠬᠢᠨᠠᠯᠲᠠ | ᠬᠠᠮᠢᠶᠠᠷᠤᠯᠲᠠ ᠬᠢᠵᠦ᠂ ᠵᠠᠰᠠᠨ ᠴᠢᠮᠡᠭᠯᠡᠵᠤ ᠡᠭᠦᠰᠦᠭᠰᠡᠨ ᠬᠤᠭ ᠨᠣᠪᠰᠢ ᠶᠢ ᠲᠠᠯᠳᠠᠭᠤᠷ ᠡᠷᠦᠢ ᠬᠤᠷᠤᠢ ᠦᠬᠡᠢ | ᠬᠠᠶᠠᠬᠤ ᠠᠵᠢᠯᠯᠠᠭ᠎ᠠ ᠶᠢᠨ ᠳᠡᠯᠭᠡᠷᠡᠬᠦ ᠪᠠᠶᠢᠳᠠᠯ ᠢ ᠪᠦᠲᠦᠮᠵᠢᠲᠡᠶ ᠬᠤᠷᠢᠭᠯᠠᠪᠠ᠃ ᠭᠤᠷᠪᠠ ᠳᠤ᠂ ︽ᠬᠠᠤᠯᠢ | ᠲᠦᠭᠡᠮᠡᠯᠵᠢᠭᠦᠯᠬᠦ ᠤᠬᠠᠭᠤᠯᠭ᠎ᠠ︾ ᠶᠢᠨ ᠪᠣᠭᠤᠮᠲᠠ ᠶᠢ ᠰᠠᠶᠢᠲᠤᠷ ᠰᠠᠬᠢᠵᠤ᠂ ᠡᠬᠢ ᠡᠭᠦᠰᠦᠯ ᠠᠴᠠ ᠨᠢ ᠬᠢᠨᠠᠨ | ᠬᠠᠮᠢᠶᠠᠷᠬᠤ ᠶᠢ ᠪᠠᠬᠢᠵᠢᠭᠦᠯᠪᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠬᠡ ᠶᠢ | ᠲᠦᠭᠡᠮᠡᠯᠵᠢᠭᠦᠯᠬᠦ︾ ᠵᠠᠷᠴᠢᠮ ᠶᠣᠰᠣᠭᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠳᠠᠯ | ᠠᠬᠤᠶ ᠶᠢᠨ ᠬᠠᠮᠢᠶᠠᠷᠤᠯᠳᠠ ᠪᠠ ᠵᠠᠰᠠᠨ ᠴᠢᠮᠡᠭᠯᠡᠬᠦ ᠦᠢᠯᠡᠰ ᠤᠨ ᠬᠤᠳᠠᠯᠳᠤᠭᠠᠨ ᠤ ᠡᠷᠦᠬᠡ ᠳᠤ ᠬᠦᠷᠴᠦ᠂ ᠬᠠᠤᠯᠢ | ᠬᠡᠷᠡᠭᠵᠢᠭᠦᠯᠦᠨ ᠪᠠᠶᠢᠴᠠᠭᠠᠬᠤ᠂ ᠨᠡᠶᠢᠭᠡᠮ ᠲᠣᠭᠤᠷᠢᠭ ᠤᠨ ᠠᠵᠢᠯᠯᠠᠬᠤ ᠲᠠᠰᠤᠭ ᠵᠢᠴᠢ ︽ᠴᠡᠭ ᠠᠴᠠ ᠴᠡᠭ ᠲᠤ | ᠬᠥᠷᠬᠦ︾ ᠬᠡᠯᠪᠡᠷᠢ ᠪᠠᠷ ᠬᠠᠤᠯᠢ ᠴᠠᠭᠠᠵᠠ ᠶᠢ ᠬᠡᠷ ᠲᠤᠨᠢ ᠬᠦᠷᠭᠡᠬᠦ ᠵᠡᠷᠭᠡ ᠬᠡᠯᠪᠡᠷᠢ ᠪᠠᠷ ᠳᠠᠮᠵᠢᠨ᠂ ᠬᠠᠮᠢᠶ᠎ᠠ ᠪᠥᠬᠦᠶ | ᠬᠠᠤᠯᠢ ᠲᠣᠭᠲᠠᠭᠠᠯ ᠢ ᠲᠤᠬᠠᠶ ᠶᠢᠨ ᠭᠠᠵᠠᠷ ᠲᠤᠨᠢ ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠬᠥᠲᠥᠯᠦᠨ | ᠵᠢᠯᠣᠭᠤᠳᠴᠤ ᠤᠬᠠᠮᠰᠠᠷ ᠠᠴᠠ ᠪᠠᠨ ᠵᠠᠰᠠᠨ ᠴᠢᠮᠡᠭᠯᠡᠵᠤ ᠡᠭᠦᠰᠦᠭᠰᠡᠨ ᠬᠤᠭ ᠨᠣᠪᠰᠢ ᠶᠢ ᠬᠠᠮᠢᠶᠠᠷᠤᠨ ᠡᠵᠡᠮᠳᠡᠬᠦ ᠶᠢ | ᠰᠠᠶᠢᠲᠤᠷ ᠬᠢᠯᠭᠡᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠪᠠ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 100 ᠬᠥᠮᠦᠨ ᠤᠳᠠᠭ᠎ᠠ ᠬᠥᠳᠡᠯᠭᠡᠵᠦ᠂ 50 | ᠤᠳᠠᠭ᠎ᠠ ᠪᠠᠶᠢᠴᠠᠭᠠᠯᠲᠠ ᠥᠷᠨᠢᠭᠦᠯᠪᠡ᠃ ︵ᠬᠠᠤᠯᠢ ᠬᠡᠷᠡᠭᠵᠢᠭᠦᠯᠬᠦ ᠲᠣᠪᠴᠢᠶ᠎ᠠ︶ |