ᠬᠥᠨᠳᠡᠯᠡᠨ ᠲᠣᠭᠤᠷᠢᠭ ᠤᠶᠢᠷ᠎ᠠ ᠵᠠᠢ ᠶᠢᠨ ᠦᠢᠯᠡᠴᠢᠯᠡᠭᠡ ᠪᠠᠷ ᠨᠠᠩ ᠰᠠᠶᠢᠨ ᠬᠠᠶᠢᠷ᠎ᠠ ᠬᠠᠯᠠᠮᠵᠢ ᠶᠢ ᠬᠦ᠋ᠷᠳᠡᠭᠡᠨ᠎ᠡ
ᠨᠡᠶᠢᠲᠡᠯᠡᠭᠰᠡᠨ ᠴᠠᠭ᠄
2024/12/20
    ᠨᠢᠭᠡ ᠳᠤ᠂ ᠣᠳᠣᠬᠠᠨ ᠪᠣᠯᠲᠠᠯ᠎ᠠ᠂ 110 ᠡᠷᠦᠬᠡ ᠬᠦᠨᠳᠦ ᠵᠡᠮᠳᠡᠭ ᠶᠠᠳᠠᠭᠤ ᠬᠦᠴᠢᠷᠳᠡᠯᠲᠡᠶ ᠬᠡᠷ ᠪᠦᠯᠢ ᠳᠤ ᠰᠠᠭᠠᠳ ᠥᠬᠡᠶ ᠪᠣᠯᠭᠠᠬᠤ ᠥᠭᠡᠷᠡᠴᠢᠯᠡᠯᠲᠡ ᠬᠢᠵᠦ ᠦᠭᠬᠦᠨ᠂ ᠣᠶᠤᠨᠴᠢ ᠵᠣᠷᠯᠣᠩ᠂ ᠣᠶᠤᠨᠴᠢ ᠲᠦᠷᠰᠦ ᠰᠢᠩᠬᠡᠬᠡᠯᠳᠡ ᠶᠢᠨ ᠲᠤᠷᠠᠨᠳᠠᠭᠤᠷ᠂ ᠲᠠᠭᠤ ᠡᠵᠡᠮᠳᠡᠬᠦ ᠳ᠋ᠧᠩ᠂ ᠰᠡᠷᠡᠯ ᠲᠤᠰᠬᠠᠯᠳᠤ ᠤᠰᠤᠨ ᠴᠣᠷᠭᠤ ᠵᠡᠷᠭᠡ ᠣᠶᠤᠨᠴᠢᠯᠠᠭᠰᠠᠨ ᠬᠡᠮᠵᠢᠶ᠎ᠡ ᠪᠠᠷ ᠨᠠᠩ ᠥᠨᠳᠥᠷ ᠪᠣᠯᠭᠠᠬᠤ ᠥᠭᠡᠷᠡᠴᠢᠯᠡᠯᠲᠡ ᠶᠢᠨ ᠠᠭᠤᠯᠭ᠎ᠠ ᠶᠢ ᠠᠩᠬ᠎ᠠ ᠤᠳᠠᠭ᠎ᠠ ᠰᠢᠨ᠎ᠡ ᠪᠠᠷ ᠨᠡᠮᠡᠭᠳᠡᠭᠦᠯᠪᠡ᠃ ᠰᠠᠭᠠᠳ ᠦᠭᠡᠶ ᠲᠤᠨᠤᠭ ᠲᠦᠬᠦᠬᠡᠷᠦᠮᠵᠢ ᠶᠢᠨ ᠥᠭᠡᠷᠡᠴᠢᠯᠡᠯᠲᠡ ᠪᠠᠷ ᠵᠡᠮᠳᠡᠭᠴᠦᠳ ᠤᠨ ᠭᠡᠷ ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠵᠡᠮᠳᠡᠭᠴᠦᠳ ᠤᠨ ᠠᠮᠢᠳᠤᠷᠠᠯ ᠤᠨ ᠲᠠᠯ᠎ᠠ  ᠪᠠᠷ ᠪᠡᠶ᠎ᠡ ᠪᠠᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠪᠠ᠃ ᠬᠤᠶᠠᠷ ᠲᠤ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠪᠤᠭᠤᠲᠤ ᠶᠢᠨ ᠪᠣᠯᠣᠳ ᠲᠡᠮᠦᠷ ᠰᠠᠯᠪᠤᠷᠢ ᠪᠠᠩᠬᠢ᠂ ᠡᠤ ᠶᠤᠸᠠᠢ ᠠᠭᠤᠳᠠᠮ ᠲᠠᠯᠠᠪᠠᠶ᠂ ᠪᠤᠭᠤᠲᠤ ᠬᠤᠲᠠ ᠶᠢᠨ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠭᠠᠳ ᠥᠬᠡᠶ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ 25 ᠰᠠᠭᠤᠷᠢ ᠰᠢᠯᠵᠢᠬᠡ ᠵᠣᠷᠯᠣᠩ ᠤᠨ ᠨᠠᠯᠠᠤ ᠵᠠᠮ ᠨᠢ ᠬᠡᠲᠦ ᠡᠭᠴᠡ ᠪᠠᠶᠢᠬᠤ ᠠᠰᠠᠭᠤᠳᠠᠯ ᠢ ᠪᠦᠬᠦᠨ ᠢ ᠥᠭᠡᠷᠡᠴᠢᠯᠡᠨ ᠪᠠᠶᠢᠭᠤᠯᠵᠤ ᠳᠠᠭᠤᠰᠬᠠᠪᠠ᠃ ᠰᠠᠭᠠᠳ ᠦᠭᠡᠶ ᠣᠷᠴᠢᠨ ᠲᠣᠭᠤᠷᠢᠨ ᠢ ᠪᠠᠶᠢᠭᠤᠯᠵᠤ᠂ ᠪᠡᠶ᠎ᠡ ᠮᠠᠬᠠᠪᠣᠳ ᠨᠢ ᠵᠡᠷᠡᠮᠳᠡᠭ ᠪᠤᠶᠤ ᠣᠨᠴᠣᠭᠤᠶ ᠬᠡᠷᠡᠭᠴᠡᠭᠡ ᠲᠠᠢ ᠬᠦᠴᠢᠷᠳᠡᠯᠲᠡᠶ ᠬᠦᠮᠦᠰ ᠢ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠪᠦᠷᠢᠨ ᠭᠦᠢᠴᠡᠳ᠂ ᠳᠥᠭᠦᠮ ᠲᠦᠷᠬᠡᠨ ᠢᠶᠠᠷ ᠣᠷᠣᠯᠴᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ    ᠡᠳ᠋ᠯᠡᠬᠦᠯᠪᠡ᠃ ᠭᠤᠷᠪᠠ ᠳᠤ᠂ ᠬᠤᠲᠠ ᠶᠢᠨ ᠳᠣᠲᠣᠷᠠᠬᠢ ᠨᠡᠶᠢᠲᠡ ᠶᠢᠨ ᠮᠠᠰᠢᠨ ᠲᠡᠷᠭᠡᠨ ᠤ 1010 ︽ᠬᠠᠶᠢᠷ᠎ᠠ ᠬᠠᠯᠠᠮᠵᠢ ᠶᠢᠨ ᠺᠠᠷᠲ︾ ᠢ ᠰᠢᠨ᠎ᠡ ᠪᠠᠷ ᠭᠦᠶᠴᠡᠳᠬᠡᠵᠦ᠂ 2187 ᠺᠠᠷᠲ ᠲᠤ ᠤᠨ ᠤ ᠪᠠᠶᠢᠴᠠᠭᠠᠯᠲᠠ ᠬᠢᠪᠡ᠃ 139 ᠵᠡᠮᠳᠡᠭᠴᠦᠳ ᠲᠤ ᠮᠠᠰᠢᠨ ᠬᠦᠳᠡᠯᠬᠡᠬᠦᠷᠲᠦ ᠬᠦᠷᠳᠦᠲᠦ ᠲᠡᠷᠭᠡᠨ ᠤ ᠰᠢᠲᠠᠭᠠᠯᠭ᠎ᠠ ᠶᠢᠨ ᠲᠣᠰᠣᠨ ᠤ ᠨᠥᠬᠦᠪᠥᠷᠢ ᠣᠯᠭᠤᠵᠤ᠂ ᠰᠠᠭᠠᠳ ᠥᠬᠡᠶ ᠣᠷᠴᠢᠨ ᠲᠣᠭᠤᠷᠢᠨ ᠨᠢ ᠵᠡᠮᠳᠡᠭᠴᠦᠳ ᠤᠨ ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠪᠡ᠃ ᠳᠥᠷᠪᠡ ᠳᠤ᠂ ᠪᠥᠬᠦ ᠬᠤᠲᠠ ᠳᠤ ᠲᠦᠷᠦᠬᠦᠯᠡᠨ ᠨᠥᠬᠦᠴᠡᠯ ᠳᠤ ᠨᠡᠶᠢᠴᠡᠬᠦ ᠰᠣᠬᠤᠷ ᠬᠥᠮᠦᠨ ᠤ ᠢᠯᠢᠯᠭᠡ ᠶᠢᠨ 8 ᠪᠠᠶᠢᠭᠤᠯᠤᠮᠵᠢ ᠳᠤ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠠᠭᠰᠠᠨ ᠴᠡᠭ ᠪᠤᠯᠬᠤ ᠬᠡᠯᠡᠯᠴᠡᠭᠡᠷ ᠲᠣᠭᠲᠠᠵᠤ᠂ ᠪᠥᠬᠦ ᠬᠤᠲᠠ ᠶᠢᠨ ᠠᠩᠬᠠᠳᠤᠭᠠᠷ ᠪᠦᠯᠦᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠠᠭᠰᠠᠨ ᠴᠡᠭ ᠪᠤᠯᠬᠤ ᠬᠡᠯᠡᠯᠴᠡᠭᠡᠷ ᠤᠨ ᠬᠠᠮᠢᠶᠠᠷᠤᠯᠲᠠ ᠳᠤ ᠤᠷᠤᠬᠰᠠᠨ ᠰᠣᠬᠤᠷ ᠬᠥᠮᠦᠨ ᠤ ᠡᠮ ᠡᠮᠨᠡᠯᠭᠡ ᠶᠢᠨ ᠢᠯᠢᠯᠭᠡ ᠶᠢᠨ 6 ᠪᠠᠶᠢᠭᠤᠯᠤᠮᠵᠢ ᠳᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠬᠦ ᠲᠤᠬᠠᠶᠢᠯᠠᠭᠰᠠᠨ ᠠᠵᠢᠯ ᠢ ᠡᠬᠢᠯᠡᠬᠦᠯᠵᠤ᠂ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠦᠶᠯᠡᠴᠢᠯᠡᠭᠡ ᠶᠢ ᠦᠷᠭᠦᠯᠵᠢᠯᠡᠨ ᠳᠡᠯᠭᠡᠷᠡᠭᠦᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号