1— 11 ᠰᠠᠷ᠎ᠠ ᠳᠤ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 20.7% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/12/20
     1—11 ᠰᠠᠷ᠎ᠠ ᠳᠤ᠂ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠵᠦ᠂ ᠲᠦᠷᠭᠡᠨ ᠨᠡᠮᠡᠭᠳᠡᠯ ᠢ ᠦᠷᠭᠦᠯᠵᠢᠯᠡᠨ ᠪᠠᠲᠤᠯᠠᠪᠠ᠃ ᠭᠤᠷᠪᠠᠨ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 81.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ        16.0% ᠪᠠᠷ ᠨᠡᠮᠡᠭᠳᠡᠵᠦ᠂ ᠪᠦᠬᠦ ᠪᠡᠯᠡ ᠤᠷᠤᠭᠤᠯᠤᠯᠳᠠ ᠲᠠᠬᠢ ᠡᠵᠡᠯᠡᠬᠦ ᠬᠠᠷᠢᠴᠠᠯ ᠨᠢ 74.6% ᠪᠠᠶᠢᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 12.4 ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 41.3% ᠪᠠᠷ ᠨᠡᠮᠡᠭᠳᠡᠵᠦ᠂  ᠪᠦᠬᠦ ᠪᠡᠯᠡ ᠤᠷᠤᠭᠤᠯᠤᠯᠳᠠ ᠶᠢ ᠵᠠᠭᠤᠨ ᠤ ᠬᠠᠷᠢᠴᠠᠯ ᠢᠶᠠᠷ 8.9 ᠳᠠᠶᠢᠴᠢᠯᠠᠪᠠ᠃ ᠭᠤᠷᠪᠠᠨ ᠶᠡᠭᠡ ᠬᠦᠷᠢᠶ᠎ᠡ ᠴᠠᠷᠠᠭ᠎ᠠ ᠠᠴᠠ ᠦᠵᠡᠪᠡᠯ᠂ ᠦᠶᠯᠡᠳᠬᠦ ᠦᠶᠯᠡᠰ ᠤᠨ ᠪᠠᠯᠠ ᠣᠷᠣᠭᠤᠯᠤᠯᠲᠠ 15.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 11.6 ᠬᠤᠪᠢ ᠳᠠᠶᠢᠴᠢᠯᠠᠪᠠ︔ ᠬᠡᠷ ᠭᠠᠵᠠᠷ ᠤᠨ ᠬᠥᠷᠥᠩᠭᠡ ᠶᠢᠨ ᠪᠠᠯᠠ ᠣᠷᠣᠭᠤᠯᠤᠯᠲᠠ 20.1% ᠪᠠᠷ ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 68.8% ᠪᠠᠷ ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠠᠴᠠ ᠦᠵᠡᠪᠡᠯ᠂ ᠠᠷᠠᠳ ᠤᠨ ᠪᠠᠯᠠ ᠣᠷᠣᠭᠤᠯᠤᠯᠲᠠ 17.4% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 12.6 ᠬᠤᠪᠢ ᠳᠠᠶᠢᠴᠢᠯᠠᠪᠠ᠂ ᠡᠭᠦᠨ ᠳᠤ ᠬᠤᠶᠠᠳᠤᠭᠠᠷ᠂ ᠭᠤᠷᠪᠠᠳᠤᠭᠠᠷ ᠠᠵᠤ ᠦᠶᠯᠡᠰ ᠲᠠᠬᠢ ᠠᠷᠠᠳ ᠤᠨ ᠪᠡᠯᠡ ᠤᠷᠤᠭᠤᠯᠤᠯᠳᠠ ᠲᠣᠰ ᠲᠣᠰ 10.6%᠂ 77.8% ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠠᠴᠠ ᠦᠵᠡᠪᠡᠯ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ 317.2% ᠢᠶᠠᠷ ᠨᠡᠮᠡᠭᠳᠡᠵᠦ᠂ ᠨᠡᠮᠡᠭᠳᠡᠯ ᠨᠢ ᠡᠷᠴᠢᠮᠳᠡᠢ ᠪᠠᠶᠢᠨ᠎ᠠ᠂ ᠡᠭᠦᠨ ᠤ ᠳᠣᠲᠣᠷ᠎ᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠤᠭᠤᠯᠤᠯᠳᠠ 425.4% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠤᠷᠤᠭᠤᠯᠤᠯᠳᠠ 168.0% ᠪᠠᠷ ᠨᠡᠮᠡᠭᠳᠡᠵᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号