1— 1  ᠰᠠᠷ᠎ᠠ ᠳᠤ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 8.2% ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/12/20
    1—11 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ 1— 10  ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.3 ᠬᠤᠪᠢ ᠪᠠᠭᠤᠷᠠᠪᠠ᠃     ᠭᠤᠷᠪᠠᠨ ᠶᠡᠭᠡ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠵᠤ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ᠃ ᠠᠵᠢᠯ ᠲᠥᠷᠥᠯ ᠠᠴᠠ    ᠦᠵᠡᠪᠡᠯ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ 27.7 % ᠶᠢ ᠡᠵᠡᠯᠡᠪᠡ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ        28.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠠᠬᠢ ᠡᠵᠡᠯᠡᠬᠦ ᠬᠤᠪᠢ ᠶᠢᠨ ᠵᠢᠩ 33.6% ᠳᠤ ᠬᠦᠷᠴᠦ᠂ ᠨᠡᠮᠡᠭᠳᠡᠯ ᠤᠨ ᠬᠡᠮᠵᠢᠶ᠎ᠡ ᠵᠠᠭᠤᠨ ᠤ ᠬᠠᠷᠢᠴᠠᠯ ᠢᠶᠠᠷ 18.5 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠬᠦᠯᠦᠭᠰᠡᠨ ᠬᠡᠮᠵᠢᠶ᠎ᠡ ᠬᠠᠮᠤᠭ ᠤᠨ ᠶᠡᠭᠡ ︵225.1%︶ ᠪᠣᠯᠪᠠ︔ ᠥᠩᠭᠡᠲᠦ ᠲᠡᠮᠦᠷᠯᠢᠭ ᠤᠨ ᠠᠭᠤᠷᠬᠠᠶ ᠮᠠᠯᠳᠠᠵᠤ ᠰᠢᠯᠢᠬᠦ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.2 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ  ᠳᠠᠬᠢ ᠡᠵᠡᠯᠡᠬᠦ ᠬᠤᠪᠢ ᠶᠢᠨ ᠵᠢᠩ 5.6% ᠳᠤ ᠬᠦᠷᠴᠦ᠂ ᠨᠡᠮᠡᠭᠳᠡᠯ ᠤᠨ ᠬᠡᠮᠵᠢᠶ᠎ᠡ ᠶᠢ ᠵᠠᠭᠤᠨ ᠤ ᠬᠠᠷᠢᠴᠠᠯ ᠢᠶᠠᠷ 7.5 ᠬᠤᠪᠢ ᠳᠠᠶᠢᠴᠢᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号