ᠬᠥᠨᠳᠡᠯᠡᠨ ᠲᠣᠭᠤᠷᠢᠭ ︽ᠲᠠᠪᠤᠨ ᠠᠯᠬᠤᠮ ᠢᠶᠠᠷ ᠶᠠᠪᠤᠵᠤ︾ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/12/24
    ᠨᠢᠭᠡ ᠳᠤ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠦᠨᠵᠡᠭᠡᠶ ᠵᠠᠰᠠᠯᠲᠠ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠲᠡᠮᠦᠷ ᠬᠠᠶᠢᠯᠤᠭᠤᠯᠬᠤ ᠦᠶᠯᠡᠳᠪᠦᠷᠢ ᠶᠢᠨ 265 ᠲᠡᠭᠰᠢ ᠳᠥᠷᠪᠡᠯᠵᠢᠨ ᠮᠧᠲᠷ ᠤᠨ ᠰᠢᠲᠠᠭᠠᠨ ᠪᠠᠷᠢᠯᠳᠤᠭᠤᠯᠬᠤ ᠮᠠᠰᠢᠨ ᠤ ᠰᠢᠨ᠎ᠡ ᠪᠠᠷ ᠪᠠᠶᠢᠭᠤᠯᠤᠬᠰᠠᠨ ᠶᠡᠷᠦᠩᠬᠡᠶᠢᠯᠡᠭᠰᠡᠨ ᠮᠠᠲ᠋ᠧᠷᠢᠶᠠᠯ ᠤᠨ ᠲᠠᠯᠠᠪᠠᠶ ᠵᠡᠷᠭᠡ 6 ᠭᠠᠵᠠᠷ ᠲᠠᠬᠢ ᠠᠭᠠᠷ ᠮᠠᠨᠳᠠᠯ᠂ ᠤᠰᠤᠨ ᠤ ᠪᠣᠬᠢᠷᠲᠤᠯ ᠢ ᠵᠠᠰᠠᠬᠤ ᠲᠥᠷᠥᠯ ᠵᠦᠶᠯ ᠢ    ᠪᠡᠶᠡᠯᠡᠭᠦᠯᠪᠡ᠃ ᠬᠤᠶᠠᠷ ᠲᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠬᠥᠨᠳᠡᠯᠡᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ︵2024 ᠣᠨ ᠳᠤ ᠵᠠᠰᠠᠪᠤᠷᠢ ᠣᠷᠣᠭᠤᠯᠤᠭᠰᠠᠨ     ᠬᠡᠪᠯᠡᠯ︶︾ ᠢ ᠳᠠᠷᠤᠮᠠᠯᠯᠠᠨ ᠲᠠᠷᠬᠠᠭᠠᠵᠤ᠂ 144 ᠭᠤᠤᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠳᠤ ᠵᠠᠰᠠᠪᠤᠷᠢ ᠣᠷᠣᠭᠤᠯᠪᠠ᠃ ᠭᠤᠷᠪᠠ ᠳᠤ᠂ ᠬᠡᠷᠡᠮ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢ ᠤᠬᠰᠠᠷᠠᠬᠤ ᠠᠵᠢᠯ ᠢ ᠪᠡᠶᠡᠯᠡᠭᠦᠯᠵᠦ᠂ ᠪᠥᠬᠦ ᠲᠤᠭᠤᠷᠢᠭ ᠤᠨ ᠬᠤᠭ ᠨᠣᠪᠰᠢ ᠶᠢ ᠰᠢᠯᠵᠢᠬᠦᠯᠦᠨ ᠲᠡᠭᠡᠭᠡᠪᠦᠷᠢᠯᠡᠬᠦ 71 ᠥᠷᠲᠡᠭᠡ ᠶᠢᠨ ᠬᠤᠲᠠ ᠶᠢᠨ ᠲᠣᠭᠤᠷᠢᠭ ᠪᠠ 24 ᠵᠠᠰᠠᠭ ᠵᠠᠬᠢᠷᠭᠠᠨ ᠤ ᠲᠣᠰᠬᠤᠨ ᠢ ᠪᠦᠷᠬᠦᠬᠦᠯᠦᠭᠰᠡᠨ ᠠᠮᠢᠳᠤᠷᠠᠯ ᠤᠨ ᠬᠤᠭ ᠨᠣᠪᠰᠢ ᠶᠢ ᠬᠤᠶᠠᠳᠤᠭᠠᠷ ᠳᠡᠰ ᠤᠨ ᠴᠡᠪᠡᠷᠯᠡᠨ ᠲᠡᠭᠡᠭᠡᠪᠦᠷᠢᠯᠡᠬᠦ ᠡᠭᠦᠷᠭᠡ ᠶᠢ ᠪᠡᠶᠡᠯᠡᠭᠦᠯᠵᠦ᠂ ᠦᠶᠯᠡᠴᠢᠯᠡᠬᠦ ᠣᠷᠣᠨ ᠪᠦᠰᠡ ᠶᠢ 100% ᠳᠤ ᠬᠦᠷᠭᠡᠪᠡ᠃ ᠳᠥᠷᠪᠡ ᠳᠤ᠂ ᠬᠥᠷᠥᠰᠥ ᠰᠢᠷᠣᠶ ᠶᠢᠨ ᠭᠠᠵᠠᠷ ᠳᠤᠤᠷᠠᠬᠢ ᠤᠰᠤ ᠶᠢ ᠭᠤᠤᠯᠳᠠᠯᠭ᠎ᠠ ᠲᠠᠢ ᠬᠢᠨᠠᠨ ᠬᠠᠮᠢᠶᠠᠷᠬᠤ 11 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠡᠮ ᠰᠤᠭᠤᠭ ᠢ ᠵᠢᠭᠰᠠᠭᠠᠨ ᠪᠠᠶᠢᠴᠠᠭᠠᠬᠤ᠂ ᠥᠪᠡᠰᠦᠪᠡᠨ ᠬᠢᠨᠠᠨ    ᠬᠡᠮᠵᠢᠬᠦ ᠪᠠ ᠭᠠᠵᠠᠷ ᠳᠤᠤᠷᠠᠬᠢ ᠤᠰᠤᠨ ᠤ ᠨᠡᠪᠴᠢᠬᠦ ᠶᠢ ᠰᠡᠷᠭᠡᠶᠢᠯᠡᠬᠦ ᠶᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 93 ᠠᠵᠤ ᠠᠬᠤᠶᠢᠯᠠᠯ ᠢ ᠱᠠᠯᠠᠪᠳᠠᠭᠤᠯᠵᠤ ᠠᠶᠤᠯᠲᠠᠶ ᠬᠠᠶᠠᠭᠳᠠᠮᠠᠯ ᠢ ᠵᠢᠷᠤᠮᠵᠢᠭᠤᠯᠤᠨ ᠥᠪᠡᠰᠦᠪᠡᠨ ᠦᠨᠡᠯᠡᠬᠦ ᠶᠢ ᠥᠷᠨᠢᠭᠦᠯᠵᠦ᠂ 87 ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ 11 ᠠᠰᠠᠭᠤᠳᠠᠯ ᠢ ᠢᠯᠡᠷᠡᠭᠦᠯᠵᠦ᠂ ᠪᠦᠬᠦᠨ ᠢ ᠴᠡᠭᠴᠡᠯᠡᠨ ᠥᠭᠡᠷᠡᠴᠢᠯᠡᠵᠦ ᠳᠠᠭᠤᠰᠬᠠᠪᠠ᠃ ᠲᠠᠪᠤ ᠳᠤ᠂ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠶᠤᠯᠬᠦᠢ ᠦᠶᠯᠡᠳᠪᠦᠷᠢᠯᠡᠯ᠂ ᠣᠷᠴᠢᠨ ᠲᠣᠭᠤᠷᠢᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠡᠯ᠎ᠡ ᠲᠥᠷᠥᠯ ᠤᠨ ᠲᠤᠰᠬᠠᠶ ᠠᠵᠢᠯᠯᠠᠭ᠎ᠠ ᠶᠢ 10 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 377 ᠠᠵᠤ ᠠᠬᠤᠶᠢᠯᠠᠯ ᠢ ᠪᠠᠶᠢᠴᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ  ᠠᠶᠤᠯᠬᠦᠢ ᠦᠶᠯᠡᠳᠪᠦᠷᠢᠯᠡᠯ ᠤᠨ ᠬᠡᠮ ᠰᠣᠭᠤᠭ ᠠᠰᠠᠭᠤᠳᠠᠯ ᠢ 229 ᠵᠦᠶᠯ ᠢᠯᠡᠷᠡᠭᠦᠯᠵᠦ᠂ ᠣᠲᠣ ᠨᠢᠭᠡᠨᠲᠡ ᠠᠵᠤ ᠠᠬᠤᠶᠢᠯᠠᠯ ᠢ ᠱᠠᠯᠠᠪᠳᠠᠭᠤᠯᠵᠤ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︵ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号