ᠨᠢᠭᠡ ᠳᠤ᠂ ︽ᠨᠢᠭᠡ ᠰᠦᠯᠵᠢᠶ᠎ᠡ ᠪᠠᠷ ᠨᠢᠬᠡᠳᠦᠯᠳᠡᠢ ᠭᠦᠶᠴᠡᠳᠬᠡᠬᠦ︾ ᠲᠠᠪᠴᠠᠩ ᠢ ᠪᠠᠶᠢᠭᠤᠯᠪᠠ᠃ ᠠᠷᠠᠳ ᠤᠨ | ᠰᠦᠯᠵᠢᠶ᠎ᠡ᠂ ᠣᠯᠠᠨ ᠲᠦᠮᠡᠨ ᠪᠠ ᠠᠵᠤ ᠠᠬᠤᠶᠢᠯᠠᠯ ᠤᠨ ᠢᠷᠡᠭᠦᠯᠦᠭᠰᠡᠨ ᠤᠲᠠᠰᠤ᠂ ᠵᠠᠰᠠᠭ ᠤᠨ ᠶᠠᠪᠤᠳᠠᠯ ᠤᠨ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ᠂ ᠲᠤᠭᠤᠷᠢᠨ ᠰᠤᠷᠪᠤᠯᠵᠢᠯᠠᠬᠤ᠂ ᠰᠢᠨ᠎ᠡ ᠶᠢ ᠡᠬᠦᠳᠬᠦ ᠦᠢᠯᠡᠰ | ᠪᠤᠰᠬᠠᠬᠤ ᠦᠯᠢᠬᠡᠷ ᠢ ︽ᠭᠠᠷ ᠤᠨ ᠠᠶ᠎ᠠ ᠪᠠᠷ ᠰᠡᠭᠦᠳᠡᠷᠯᠡᠬᠦ︾᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠪᠠᠷᠢᠨ | ᠰᠢᠶᠳᠪᠦᠷᠢᠯᠡᠬᠦ᠂ ᠴᠠᠯᠢᠩ ᠢ ᠥᠷᠢᠲᠦᠭᠰᠡᠨ ᠬᠡᠷᠡᠭ ᠤᠨ ᠵᠠᠭᠠᠯᠳᠤᠯᠭ᠎ᠠ᠂ ᠵᠠᠬᠢᠳᠠᠯ ᠰᠤᠷᠪᠤᠯᠵᠢᠯᠠᠯ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠰᠢᠶᠳᠪᠦᠷᠢᠯᠡᠬᠦ᠂ ᠠᠵᠤ ᠠᠬᠤᠶᠢᠯᠠᠯ ᠳᠤ ᠦᠶᠯᠡᠴᠢᠯᠡᠬᠦ ᠵᠡᠷᠭᠡ ︽8 + 2︾ | ᠤᠯᠠᠮᠵᠢᠯᠠᠯᠲᠤ ᠭᠤᠮᠤᠳᠠᠯ ᠲᠤᠭᠠᠴᠢᠯᠳᠠ ᠶᠢᠨ ᠠᠷᠭ᠎ᠠ ᠵᠠᠮ ᠢ ᠨᠡᠶᠢᠳᠬᠡᠵᠤ᠂ ᠮᠡᠳᠡᠭᠡ ᠵᠠᠩᠭᠢ ᠶᠢᠨ ᠪᠠᠬᠢᠯᠡᠯᠲᠡ ᠶᠢ | ᠦᠨᠡᠨ ᠬᠦ ᠨᠡᠪᠲᠡᠷᠡᠭᠦᠯᠪᠡ᠃ ᠡᠯ᠎ᠡ ᠬᠦᠷᠢᠶᠡᠨ ᠤ ᠠᠰᠠᠭᠤᠳᠠᠯ ᠵᠢᠴᠢ ᠰᠠᠨᠠᠭᠤᠯᠭ᠎ᠠ ᠶᠢ 6 ᠲᠦᠮᠡ ᠭᠠᠷᠤᠢ ᠬᠤᠪᠢ | ᠴᠤᠭᠯᠠᠭᠤᠯᠤᠨ ᠰᠢᠢᠳᠪᠦᠷᠢᠯᠡᠵᠦ᠂ ᠬᠡᠷᠡᠭ ᠢ ᠰᠢᠢᠳᠪᠦᠷᠢᠯᠡᠵᠤ ᠳᠠᠭᠤᠰᠬᠠᠭᠰᠠᠨ ᠨᠤᠷᠮ᠎ᠠ 94.35% ᠳᠤ ᠬᠦᠷᠪᠡ᠃ | ᠬᠤᠶᠠᠷ ᠲᠤ᠂ ᠲᠤᠭ᠎ᠠ ᠪᠠᠷᠢᠮᠲᠠ ᠪᠠᠷ ᠬᠦᠴᠦᠨ ᠤᠯᠭᠤᠬᠤ ᠲᠤᠭᠤᠷᠢᠨ ᠰᠤᠷᠪᠤᠯᠵᠢᠯᠠᠭ᠎ᠠ᠃ ︽ᠠᠷᠠᠳ ᠤᠨ ᠬᠦᠰᠡᠯ | ᠰᠠᠨᠠᠭ᠎ᠠ ᠳᠤ ᠲᠤᠰᠬᠠᠯ ᠭᠠᠷᠬᠤ ·ᠲᠤᠭᠤᠷᠢᠨ ᠰᠤᠷᠪᠤᠯᠵᠢᠯᠠᠭ᠎ᠠ︾ ᠶᠢᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠲᠤᠭᠤᠷᠢᠨ | ᠰᠤᠷᠪᠤᠯᠵᠢᠯᠠᠭ᠎ᠠ ᠳᠤ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠬᠠᠩᠭᠠᠵᠤ᠂ ᠲᠤᠭ᠎ᠠ ᠪᠠᠷᠢᠮᠲᠠ ᠶᠢ ᠢᠯᠡᠭᠦᠬᠡᠨ | ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ | ᠣᠳᠣᠬᠢᠴᠢᠯᠠᠯᠲᠠ ᠶᠢ ᠪᠡᠶᠡᠯᠡᠭᠦᠯᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 6 ᠲᠦᠮᠡ ᠭᠠᠷᠤᠶ | ᠰᠢᠶᠳᠪᠦᠷᠢᠯᠡᠵᠦ᠂ ᠬᠠᠨᠤᠮᠵᠢ ᠲᠠᠢ ᠪᠠᠶᠢᠬᠤ ᠨᠣᠷᠮ᠎ᠠ 68.81% ᠳᠤ ᠬᠦᠷᠴᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠢᠷᠭᠠᠯᠲᠦ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠭᠤᠷᠪᠠ ᠳᠤ᠂ ︽ᠳᠥᠷᠪᠡᠨ ᠡᠯᠧᠺᠲᠷᠣᠨ︾ ᠤ ᠬᠡᠷᠡᠭᠯᠡᠯᠲᠡ ᠶᠢ ᠠᠬᠢᠭᠤᠯᠪᠠ᠃ ︽ᠦᠨᠡᠮᠯᠡᠯ ᠠᠪᠬᠤ ᠥᠬᠡᠶ ᠪᠠᠷ | ᠭᠦᠶᠴᠡᠳᠬᠡᠬᠦ︾᠂ ︽ᠰᠦᠯᠵᠢᠶᠡᠨ ᠳᠡᠭᠡᠷ᠎ᠡ ᠭᠦᠶᠴᠡᠳᠬᠡᠬᠦ︾ ︽ᠠᠯᠠᠭᠠᠨ ᠳᠡᠭᠡᠷ᠎ᠡ ᠪᠠᠨ ᠭᠦᠶᠴᠡᠳᠬᠡᠬᠦ︾ ᠵᠡᠷᠭᠡ | ᠦᠵᠡᠭᠳᠡᠯ ᠪᠠᠶᠢᠳᠠᠯ ᠤᠨ ᠬᠡᠷᠡᠭᠯᠡᠯᠲᠡ ᠪᠠᠷ ᠬᠥᠲᠥᠯᠦᠮᠵᠢ ᠪᠣᠯᠭᠠᠵᠤ᠂ ᠡᠯᠧᠺᠲᠷᠣᠨ ᠲᠠᠮᠠᠭ᠎ᠠ᠂ ᠡᠯᠧᠺᠲᠷᠣᠨ ᠭᠠᠷ ᠤᠨ | ᠥᠰᠥᠭ᠂ ᠡᠯᠧᠺᠲᠷᠣᠨ ᠦᠨᠡᠮᠯᠡᠯ᠂ ᠡᠯᠧᠺᠲᠷᠣᠨ ᠮᠠᠲ᠋ᠧᠷᠢᠶᠠᠯ ᠤᠨ ᠰᠠᠭᠤᠷᠢ ᠲᠤᠯᠭᠠᠭᠤᠷᠢᠯᠠᠯ ᠤᠨ ᠬᠡᠷᠡᠭᠯᠡᠯᠲᠡ ᠶᠢ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠬᠦᠷᠢᠶ᠎ᠡ ᠴᠠᠷᠠᠭ᠎ᠠ ᠳᠤ ︽ᠪᠦᠬᠦᠨ ᠢ ᠨᠢᠭᠡ ᠦᠨᠡᠮᠯᠡᠯ ᠢᠶᠠᠷ ᠬᠦᠢᠴᠡᠳᠬᠡᠵᠦ᠂ ᠨᠢᠭᠡ | ᠲᠠᠮᠠᠭ᠎ᠠ ᠶᠢ ᠣᠯᠠᠨ ᠵᠦᠶᠯ ᠳᠤ ᠬᠡᠷᠡᠭᠯᠡᠬᠦ︾ ᠶᠢ ᠪᠡᠶᠡᠯᠡᠭᠦᠯᠪᠡ᠃ 1079 ᠭᠠᠷᠤᠶ ᠵᠦᠶᠯ ᠤᠨ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠭᠡᠷᠡᠴᠢ ᠦᠨᠡᠮᠯᠡᠯ ᠤᠨ ᠭᠡᠷᠡᠴᠢᠯᠡᠬᠦ ᠮᠠᠲ᠋ᠧᠷᠢᠶᠠᠯ ᠤᠨ ︽ᠴᠠᠭᠠᠰᠤ ᠶᠢᠨ | ᠬᠡᠯᠪᠡᠷᠢ︾ ᠠᠴᠠ ︽ᠡᠯᠧᠺᠲᠷᠤᠨᠴᠢᠯᠠᠬᠤ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠥᠪᠡᠷ ᠤᠨ ᠥᠷᠲᠡᠭ ᠢ ᠲᠦᠢᠯ ᠤᠨ ᠶᠡᠭᠡ ᠪᠠᠷ ᠠᠷᠪᠢᠯᠠᠪᠠ᠃ ︵ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ︶ |