12 ᠰᠠᠷ᠎ᠠ ᠶᠢᠨ 23 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠲᠠᠪᠤᠳᠤᠭᠠᠷ ᠬᠤᠷᠠᠯ | ᠤᠳᠠᠭ᠎ᠠ ᠶᠢᠨ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ | ᠰᠢᠶᠠ᠂ ᠬᠠᠰᠪᠢᠯᠢᠭ᠌ ᠵᠢᠴᠢ ᠭᠡᠰᠢᠭᠦᠨ ᠨᠡᠶᠢᠲᠡ 25 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ | ᠬᠤᠷᠠᠯ ᠢ ᠡᠷᠭᠢᠯᠡᠪᠡ᠃ | | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠸᠠᠩ ᠰᠢᠤ ᠵᠢᠤᠸᠠᠨ᠂ | ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ᠂ ᠲᠣᠭᠤᠷᠢᠭ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ ᠬᠤᠷᠠᠯ ᠳᠤ | ᠰᠤᠯᠠ ᠣᠷᠣᠯᠴᠠᠵᠠᠶ᠃ | ᠬᠤᠷᠠᠯ ᠠᠴᠠ 2024 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠨᠤᠤᠷᠠᠭ︶ ᠤᠨ ᠲᠤᠬᠠᠶ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠲᠤᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠥᠬᠦᠨ ᠰᠣᠩᠭᠤᠬᠤ ᠲᠥᠯᠥᠭᠡᠯᠡᠭᠴᠢ ᠶᠢᠨ | ᠬᠢᠷᠢ ᠬᠡᠮ ᠤᠨ ᠲᠤᠬᠠᠢ ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ | ᠵᠦᠪᠯᠡᠯ ᠤᠨ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠨᠤᠤᠷᠠᠭ︶᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ | ᠮᠡᠳᠡᠭᠦᠯᠦᠯᠲᠡ ︵ᠨᠤᠤᠷᠠᠭ︶ ᠶᠢ ᠰᠣᠨᠣᠰᠴᠤ ᠬᠢᠨᠠᠨ ᠵᠥᠪᠯᠡᠪᠡ᠃ | ᠬᠤᠷᠠᠯ ᠠᠴᠠ ︽ᠬᠥᠨᠳᠡᠯᠡᠨ ᠲᠣᠭᠤᠷᠢᠭ ᠤᠨ 2024 ᠣᠨ ᠤ ᠲᠥᠰᠦᠪ ᠤᠨ ᠲᠤᠬᠢᠷᠠᠭᠤᠯᠤᠯᠳᠠ ᠶᠢᠨ | ᠲᠥᠰᠦᠯ ᠢ ᠵᠥᠪᠰᠢᠶᠡᠷᠡᠬᠦ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠰᠢᠢᠳᠪᠦᠷᠢ ︵ᠨᠤᠤᠷᠠᠭ︶︾᠂ ︽ᠱᠠᠨ ᠰᠢᠶᠤᠤ ᠬᠤᠩ᠂ ᠼᠦᠩ ᠪᠦᠦ ᠬᠤᠸᠠ ᠶᠢᠨ | ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ︵ᠨᠤᠤᠷᠠᠭ︶︾ ᠶᠢ ᠬᠢᠨᠠᠨ | ᠵᠥᠪᠯᠡᠵᠦ ᠪᠠᠳᠤᠯᠠᠯᠲᠠ ᠬᠢᠵᠤ ᠪᠠᠲᠤᠯᠠᠪᠠ᠃ ︵ᠰᠤᠷᠪᠤᠯᠵᠢᠯᠠᠭᠴᠢ᠄ ᠭᠤᠤ ᠵᠢᠶᠠ ᠲᠦᠩ᠂ ᠵᠤᠤ ᠶᠢᠨ ᠹᠧᠩ᠂ ᠬᠢᠨᠠᠨ | ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠯᠪᠠᠨ ᠭᠡᠷ︶ |