12 ᠰᠠᠷ᠎ᠠ ᠶᠢᠨ 26 ᠤ ᠡᠳᠦᠷ᠂ ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ | ᠣᠷᠣᠨ ᠤ ᠵᠠᠬ᠎ᠠ ᠳᠡᠯᠭᠡᠭᠦᠷ ᠤᠨ ᠭᠠᠵᠠᠷ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠳ᠋ᠠ | ᠼᠠᠢ ᠵᠢᠶᠤᠤ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠪᠤᠭᠤᠲᠤ ᠶᠢᠨ ᠪᠤᠯᠤᠳ | ᠲᠡᠮᠦᠷ ᠤᠨ ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠬᠤᠪᠢᠶᠠᠷᠢ ᠴᠡᠴᠡᠷᠯᠢᠭ ᠤᠨ ᠪᠠᠭᠠᠴᠤᠳ ᠤᠨ ᠤᠷᠳᠤᠨ ᠤ | ᠬᠤᠭᠤᠯᠠᠨ ᠭᠡᠷ᠂ ᠪᠤᠭᠤᠲᠤ ᠶᠢᠨ ᠪᠤᠯᠤᠳ ᠲᠡᠮᠦᠷ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ᠂ | ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠤᠭᠤᠯᠠᠨ | ᠭᠡᠷ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃ | ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ᠂ ᠪᠠᠶᠢᠴᠠᠭᠠᠬᠤ ᠳᠤᠭᠤᠶᠢᠯᠠᠩ ᠨᠢ | ᠭᠠᠯ ᠤᠨᠲᠠᠷᠠᠭᠠᠭᠤᠯ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠲᠣᠭᠲᠠᠭᠠᠯ ᠳᠤ | ᠨᠡᠶᠢᠴᠡᠬᠦ ᠡᠰᠡᠬᠦ᠂ ᠡᠳ᠋ ᠪᠠᠷᠠᠭ᠎ᠠ ᠶᠢ ᠣᠪᠣᠭᠠᠯᠠᠵᠤ ᠲᠠᠯᠪᠢᠭᠰᠠᠨ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠴᠠᠬᠢᠯᠭᠠᠨ | ᠤᠲᠠᠰᠤᠨ ᠤ ᠬᠡᠯᠬᠢᠶ᠎ᠡ ᠶᠢ ᠳᠤᠷ᠎ᠠ ᠪᠠᠷ ᠢᠶᠠᠨ ᠪᠣᠰᠬᠠᠭᠰᠠᠨ ᠪᠤᠶᠤ ᠬᠠᠭᠤᠴᠢᠷᠠᠭᠰᠠᠨ ᠡᠰᠡᠬᠦ ᠶᠢ ᠨᠠᠷᠢᠨ ᠪᠠᠶᠢᠴᠠᠭᠠᠵᠤ᠂ | ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ | ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠡᠷᠭᠡ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠡᠯ᠎ᠡ ᠬᠤᠭᠤᠯᠠᠨ ᠬᠡᠷ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠢᠳᠡᠭᠡᠨ ᠤ ᠠᠮᠤᠷ ᠲᠦᠪᠰᠢᠨ ᠤ | ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ︽ | ᠡᠳᠦᠷ ᠪᠦᠷᠢ ᠶᠢᠨ ᠬᠠᠮᠢᠶᠠᠷᠤᠯᠲᠠ ᠡᠵᠡᠮᠳᠡᠯ᠂ ᠭᠠᠷᠠᠭ ᠪᠦᠷᠢ ᠶᠢᠨ ᠨᠢᠬᠡ ᠤᠳᠠᠭ᠎ᠠ ᠶᠢᠨ ᠵᠢᠭᠰᠠᠭᠠᠨ ᠪᠠᠶᠢᠴᠠᠭᠠᠯᠲᠠ᠂ | ᠰᠠᠷ᠎ᠠ ᠨᠢᠬᠡ ᠪᠦᠷᠢ ᠶᠢᠨ ᠲᠣᠬᠢᠷᠠᠭᠤᠯᠤᠯᠲᠠ ᠭᠢᠭᠰᠡᠨ︾ ᠵᠡᠷᠬᠡ ᠶᠢᠨ ᠲᠡᠮᠳᠡᠭᠯᠡᠯ ᠤᠨ ᠡᠬᠡ ᠲᠠᠩᠰᠠ ᠶᠢ | ᠭᠤᠤᠯᠳᠠᠯᠭ᠎ᠠ ᠲᠠᠢ ᠪᠠᠶᠢᠴᠠᠭᠠᠵᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠴᠤ ᠬᠠᠳᠠᠭᠠᠯᠠᠬᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ᠂ | ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠪᠠᠶᠢᠴᠠᠭᠠᠵᠤ᠂ ᠡᠵᠡᠩᠨᠡᠭᠴᠢᠳ ᠢ ᠢᠳᠡᠭᠡᠨ ᠤ | ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠬᠡᠮ | ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ | |