12 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠥᠪᠡᠷ ᠪᠠᠶ᠎ᠠ ᠶᠢᠨ | ᠬᠤᠪᠢᠰᠬᠠᠯ ᠬᠢᠬᠦ ᠶᠢ ᠠᠬᠢᠭᠤᠯᠬᠤ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠵᠢᠴᠢ ︽ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ᠤᠨ ᠲᠣᠭᠤᠷᠢᠨ ᠳᠤ ᠲᠥᠪᠯᠡᠷᠡᠭᠦᠯᠦᠨ | ᠰᠣᠯᠢᠯᠴᠠᠵᠤ ᠰᠤᠳᠤᠯᠤᠨ ᠶᠠᠷᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠢ ᠵᠠᠨ ᠵᠢᠶᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | | ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠬᠦᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠨ | ᠰᠣᠯᠢᠯᠴᠠᠬᠤ ᠦᠭᠡ ᠬᠡᠯᠡᠵᠡᠢ᠃ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠰᠤᠯᠠ ᠰᠣᠨᠣᠰᠬᠤ | ᠠᠵᠢᠯᠯᠠᠬᠤ ᠳᠤᠭᠤᠶᠢᠯᠠᠩ ᠬᠤᠷᠠᠯ ᠳᠤ ᠤᠷᠤᠯᠴᠠᠵᠤ ᠵᠢᠯᠤᠭᠤᠳᠪᠠ᠃ | ᠢᠦᠶ ᠵᠠᠨ ᠵᠢᠶᠠᠩ᠂ ᠵᠠᠭᠤᠨ ᠵᠢᠯ ᠤᠨ ᠨᠠᠮ ᠤᠨ ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ | ᠮᠦᠨ ᠴᠤ ᠬᠠᠮᠤᠭ ᠤᠨ ᠰᠠᠶᠢᠨ ᠰᠢᠮ᠎ᠡ ᠲᠡᠵᠢᠭᠡᠯ ᠮᠥᠨ᠂ ᠨᠠᠮ ᠤᠨ ᠲᠥᠪ ᠬᠤᠷᠢᠶ᠎ᠠ ᠠᠴᠠ ︽ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ᠢ ᠲᠣᠭᠲᠠᠭᠠᠨ ᠬᠡᠷᠡᠭᠵᠢᠭᠦᠯᠦᠭᠰᠡᠨ ᠨᠢ ᠪᠥᠬᠦ | ᠨᠠᠮ ᠪᠥᠬᠦ ᠨᠡᠶᠢᠭᠡᠮ ᠤᠨ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ᠂ ᠨᠠᠮ ᠤᠨ ᠲᠡᠦᠬᠡ ᠶᠢ ᠰᠠᠶᠢᠲᠤᠷ | ᠬᠡᠷᠡᠭᠯᠡᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠨᠤᠯ ᠤᠨ ᠰᠤᠷᠤᠯᠴᠠᠯᠭ᠎ᠠ ᠶᠢ ᠲᠡᠷᠢᠭᠦᠨ | ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠡᠭᠡᠷ᠎ᠡ | ᠦᠷᠭᠦᠯᠵᠢᠯᠡᠨ ᠬᠦᠴᠦ ᠣᠷᠣᠭᠤᠯᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠲᠠᠯ᠎ᠠ ᠪᠠᠷ | ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠨᠠᠭᠰᠢᠳᠠ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠦᠬᠦᠷᠡᠰᠢ ᠦᠭᠡᠢ ᠬᠥᠭᠡᠭᠡᠴᠡᠯᠳᠦᠯ ᠢᠶᠠᠨ ᠪᠣᠯᠭᠠᠬᠤ ᠶᠢ | ᠪᠠᠷᠢᠮᠲᠠᠯᠠᠵᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ | ᠣᠷᠣᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠤᠷᠲᠤ ᠬᠤᠭᠤᠴᠠᠭ᠎ᠠ | ᠪᠦᠲᠦᠮᠵᠢᠲᠡᠢ ᠪᠣᠯᠭᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠵᠢᠯ | ᠶᠠᠪᠤᠳᠠᠯ ᠲᠦᠰᠦᠪᠯᠡᠬᠦ ᠪᠠ ᠪᠠᠶᠢᠳᠠᠯ ᠢ ᠲᠦᠰᠦᠪᠯᠡᠬᠦ᠂ ᠣᠳᠣᠬᠢ ᠪᠠᠶᠢᠳᠠᠯ ᠢ ᠲᠦᠰᠦᠪᠯᠡᠬᠦ ᠪᠠ ᠢᠷᠡᠭᠡᠳᠦᠢ ᠶᠢ | ᠲᠦᠰᠦᠪᠯᠡᠬᠦ ᠶᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠦᠨᠳᠦ ᠶᠡᠭᠡ ᠥᠷᠢᠰᠥᠯᠳᠦᠭᠡᠨ ᠢ | ᠠᠷᠭᠠᠴᠠᠭᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ᠂ ᠬᠦᠨᠳᠦ ᠶᠡᠭᠡ ᠬᠠᠷᠰᠢ ᠰᠠᠭᠠᠳ ᠢ ᠢᠯᠠᠨ | ᠳᠠᠪᠠᠭ᠋ᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠢᠦᠶ ᠵᠠᠨ ᠵᠢᠶᠠᠩ᠂ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠡᠭᠦᠷᠢᠳᠡ ᠶᠢᠨ ᠭᠤᠤᠯ ᠰᠡᠳᠦᠪ ᠪᠣᠯᠭᠠᠬᠤ ᠶᠢ | ᠪᠠᠷᠢᠮᠲᠠᠯᠠᠵᠤ᠂ ᠰᠤᠷᠤᠯᠴᠠᠯᠭ᠎ᠠ ᠪᠠᠷ ᠰᠤᠷᠲᠠᠯ ᠢ ᠲᠦᠪ ᠪᠤᠯᠭᠠᠬᠤ ᠲᠡᠬᠡᠷ᠎ᠡ ᠦᠷᠭᠦᠯᠵᠢᠯᠡᠨ ᠬᠦᠴᠦ ᠣᠷᠣᠭᠤᠯᠵᠤ᠂ ︽ | ᠰᠢᠯᠭᠠᠯᠲᠠ ᠳᠤ ᠣᠷᠣᠯᠴᠠᠬᠤ︾ ᠰᠤᠨᠤᠷ ᠰᠡᠷᠡᠮᠵᠢ ᠪᠠ ᠡᠷᠡᠰ ᠪᠠᠲᠤ ᠶᠢ ᠴᠠᠭ ᠢᠮᠠᠭᠲᠠ ᠪᠠᠲᠤᠯᠠᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠥᠴᠦᠬᠡᠨ ᠴᠦ ᠰᠤᠯᠠᠷᠠᠭᠤᠯᠤᠯ ᠥᠬᠡᠶ | ᠪᠣᠳᠠᠲᠠᠶᠢᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠲᠦᠷᠢᠮ ᠤᠨ ᠰᠡᠳᠬᠢᠬᠦᠶ ᠪᠠᠨ | ᠴᠢᠩᠭᠠᠳᠬᠠᠵᠤ᠂ ᠲᠦᠷᠢᠮ ᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠥᠬᠡᠶ | ᠡᠴᠦᠰ ᠲᠤᠨᠢ ᠲᠤᠯᠲᠠᠯ᠎ᠠ ᠬᠢᠵᠦ᠂ ᠲᠥᠪ ᠰᠤᠷᠲᠠᠯ ᠴᠢᠬᠡᠴᠢ ᠤᠪᠤᠷ ᠤᠨ ᠤᠯᠤᠰ ᠲᠥᠷᠥ ᠶᠢᠨ ᠠᠮᠢ ᠠᠬᠤᠶ ᠪᠠ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠠᠵᠢᠯ ᠬᠢᠵᠦ ᠦᠶᠯᠡᠰ ᠪᠤᠰᠬᠠᠬᠤ ᠣᠷᠴᠢᠨ ᠲᠣᠭᠤᠷᠢᠨ ᠢ | ᠴᠢᠷᠮᠠᠶᠢᠨ ᠪᠣᠶ ᠪᠣᠯᠭᠠᠬᠤ ᠬᠡᠷᠡᠭᠲᠡᠶ᠃ ᠬᠥᠭᠵᠢᠯᠲᠡ ᠶᠢ ᠠᠬᠢᠭᠤᠯᠬᠤ ᠪᠠᠷ ᠲᠡᠷᠢᠭᠦᠨ ᠴᠢᠬᠤᠯᠠ ᠡᠭᠦᠷᠭᠡ ᠪᠠᠨ | ᠪᠣᠯᠭᠠᠬᠤ ᠶᠢ ᠪᠠᠷᠢᠮᠲᠠᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ | ᠣᠷᠣᠭᠤᠯᠵᠤ᠂ ᠪᠤᠭᠤᠲᠤ ᠬᠤᠳᠠ ᠶᠢᠨ ︽3 + 5 + N︾ ᠭᠤᠣᠯᠳᠠᠯᠭ᠎ᠠ ᠲᠠᠢ ᠠᠵᠤ ᠦᠢᠯᠡᠰ ᠤᠨ | ᠪᠦᠯᠦᠭᠵᠢᠯ ᠢ ᠴᠣᠭᠴᠠᠯᠠᠬᠤ ᠵᠡᠷᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠤᠯᠠᠨ ᠲᠦᠮᠡᠨ ᠲᠠᠢ ᠬᠠᠷᠢᠯᠴᠠᠬᠤ᠂ | ᠤᠯᠠᠨ ᠲᠦᠮᠡᠨ ᠳᠤ ᠦᠢᠯᠡᠴᠢᠯᠡᠬᠦ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠶᠠᠨ ᠢ ᠫᠸᠢ | ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ | |