11 ᠰᠠᠷ᠎ᠠ ᠶᠢᠨ 28 ᠤ ᠡᠳᠦᠷ᠂ ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ ᠫᠸᠢ ᠶᠢᠨ ᠪᠦᠯᠬᠦᠮ ᠳᠠᠭᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠭᠤᠣᠯᠳᠠᠯᠭ᠎ᠠ ᠲᠠᠢ | ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠢ ᠵᠢᠬᠰᠠᠭᠠᠨ ᠪᠠᠶᠢᠴᠠᠭᠠᠪᠠ᠃ | ᠲᠣᠰ ᠤᠳᠠᠭ᠎ᠠ ᠪᠠᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ᠂ ᠰᠢᠤᠸᠠᠨ ᠯᠢ ᠴᠢᠴᠢᠭᠦᠷ ᠪᠥᠮᠪᠦᠭᠡ ᠶᠢᠨ | ᠲᠢᠩᠬᠢᠮ᠂ ᠺᠠᠩ ᠢᠦᠶ ᠥᠲᠥᠨ ᠪᠥᠮᠪᠦᠭᠡ ᠶᠢᠨ ᠣᠷᠳᠣᠨ ᠵᠡᠷᠭᠡ ᠬᠥᠮᠦᠨ ᠬᠠᠷ᠎ᠠ ᠨᠢᠭᠲᠠᠷᠠᠭᠰᠠᠨ ᠲᠠᠯᠠᠪᠤᠷ | ᠭᠠᠵᠠᠷ ᠲᠤ ᠭᠤᠤᠯᠳᠠᠯᠭ᠎ᠠ ᠲᠠᠢ ᠠᠶᠤᠯᠬᠦᠢ ᠦᠶᠯᠡᠳᠪᠦᠷᠢᠯᠡᠯ ᠤᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠤᠨᠤᠭ | ᠲᠦᠬᠦᠬᠡᠷᠦᠮᠵᠢ ᠪᠦᠷᠢᠨ ᠭᠦᠶᠴᠡᠳ ᠪᠠᠶᠢᠬᠤ ᠡᠰᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ | ᠵᠠᠶᠢᠯᠠᠭᠤᠯᠤᠨ ᠲᠠᠷᠬᠠᠭᠠᠬᠤ ᠵᠠᠮ ᠢ ᠪᠥᠭᠯᠡᠭᠰᠡᠨ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠭᠠᠯᠲᠠ ᠲᠡᠮᠳᠡᠭ ᠢ | ᠪᠠᠶᠢᠷᠢᠯᠠᠭᠤᠯᠤᠭᠰᠠᠨ ᠨᠢ ᠵᠥᠪ ᠣᠨᠣᠪᠴᠢᠲᠠᠶ ᠪᠥᠭᠡᠳ ᠲᠣᠭᠲᠠᠭᠠᠯ ᠳᠤ ᠨᠡᠶᠢᠴᠡᠭᠰᠡᠨ ᠡᠰᠡᠬᠦ᠂ ᠠᠵᠢᠯᠯᠠᠵᠤ ᠪᠠᠶᠢᠭ᠎ᠠ | ᠬᠥᠮᠦᠰ ᠲᠤ ᠡᠬᠢᠨ ᠤ ᠬᠤᠭᠤᠴᠠᠭᠠᠨ ᠤ ᠭᠠᠯ ᠢ ᠤᠨᠲᠠᠷᠠᠭᠠᠬᠤ ᠴᠢᠳᠡᠪᠦᠷᠢ ᠪᠠ ᠬᠥᠮᠦᠰ ᠢ ᠠᠮᠤᠷ ᠲᠦᠪᠰᠢᠨ ᠢᠶᠠᠷ | ᠵᠠᠶᠢᠯᠠᠭᠤᠯᠤᠨ ᠲᠠᠷᠬᠠᠭᠠᠬᠤ ᠴᠢᠳᠠᠪᠤᠷᠢ ᠲᠠᠢ ᠪᠠᠶᠢᠬᠤ ᠡᠰᠡᠬᠦ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠶᠢᠨ | ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠡᠯ᠎ᠡ ᠨᠡᠶᠢᠭᠡᠮ ᠲᠣᠭᠤᠷᠢᠭ ᠴᠤ ᠠᠶᠤᠯᠬᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠠᠵᠢᠯ ᠢ ᠵᠤᠬᠢᠰᠳᠠᠢ ᠥᠷᠨᠢᠭᠦᠯᠵᠦ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠳᠤ ᠠᠮᠤᠷ | ᠲᠦᠪᠰᠢᠨ ᠤ ᠭᠡᠮ ᠰᠤᠭᠤᠭ ᠢ ᠪᠦᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠭᠰᠠᠨ ᠤ ᠬᠠᠮᠲᠤ ᠬᠠᠷᠢᠶ᠎ᠠ | ᠣᠷᠣᠨ ᠤ ᠰᠠᠭᠤᠭᠠᠯᠢ ᠠᠷᠠᠳ ᠲᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ ᠴᠠᠬᠢᠯᠭᠠᠨ ᠬᠡᠷᠡᠭᠯᠡᠬᠦ᠂ | ᠳᠤᠯᠠᠭᠠᠯᠠᠯᠭ᠎ᠠ ᠵᠢᠴᠢ ᠰᠢᠲᠠᠮᠠᠬᠠᠶ ᠬᠡᠢ ᠶᠢᠨ ᠠᠮᠤᠷ ᠲᠦᠪᠰᠢᠨ ᠵᠡᠷᠭᠡ ᠮᠡᠳᠡᠯᠭᠡ ᠶᠢ ᠲᠦᠭᠡᠮᠡᠯᠵᠢᠭᠦᠯᠦᠨ᠂ | ᠠᠮᠢᠳᠤᠷᠠᠯ ᠤᠨ ᠳᠤᠮᠳᠠ ᠪᠠᠶᠢᠩᠭᠤ ᠲᠣᠬᠢᠶᠠᠯᠳᠤᠳᠠᠭ ᠠᠮᠤᠷ ᠲᠦᠪᠰᠢᠨ ᠤ ᠭᠡᠮ ᠰᠤᠭᠤᠭ ᠪᠣᠯᠤᠨ ᠰᠡᠷᠭᠡᠶᠢᠯᠡᠬᠦ ᠠᠷᠭ᠎ᠠ | ᠬᠡᠮᠵᠢᠶ᠎ᠡ ᠶᠢ ᠲᠠᠶᠢᠯᠪᠤᠷᠢᠯᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠬᠦᠯᠦᠭᠰᠡᠨ ᠠᠰᠠᠭᠤᠳᠠᠯ ᠳᠤ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠢ ᠳᠠᠷᠦ᠋ᠢᠬᠠᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠡᠮ | ᠰᠤᠭᠤᠭ ᠦᠭᠡᠶ ᠪᠠᠶᠢᠬᠤ ᠶᠢ ᠦᠨᠡᠨᠬᠦ ᠪᠠᠲᠤᠯᠠᠪᠠ᠃ | ᠲᠣᠰ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠳᠤ ᠡᠯᠳᠡᠪ ᠪᠣᠳᠠᠰ ᠢ | ᠣᠪᠣᠭᠠᠯᠠᠨ ᠲᠠᠯᠪᠢᠬᠤ᠂ ᠭᠠᠯ ᠤᠨᠲᠠᠷᠠᠭᠠᠭᠤᠯ ᠢ ᠲᠣᠳᠣᠷᠬᠠᠶ ᠢᠯᠭᠠᠨ ᠲᠡᠮᠳᠡᠭ ᠢᠯᠡᠳᠬᠡᠮᠵᠢ ᠲᠠᠯᠪᠢᠬᠤ ᠵᠡᠷᠭᠡ ᠲᠠᠯ᠎ᠠ | ᠶᠢᠨ 10 ᠬᠡᠮ ᠰᠤᠭᠤᠭ ᠢ ᠵᠢᠭᠰᠠᠭᠠᠨ ᠭᠠᠷᠭᠠᠵᠠᠶ᠃ ᠪᠠᠶᠢᠴᠠᠭᠠᠬᠤ ᠠᠵᠢᠯᠲᠠᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠲᠠᠢ ᠲᠤᠬᠠᠶ ᠶᠢᠨ ᠲᠠᠯᠠᠪᠤᠷ ᠲᠤ ᠶᠠᠷᠢᠯᠴᠠᠨ ᠨᠡᠪᠲᠡᠷᠡᠯᠴᠡᠵᠦ᠂ ᠠᠰᠠᠭᠤᠳᠠᠯ ᠤᠨ ᠪᠠᠶᠢᠭ᠎ᠠ ᠭᠠᠵᠠᠷ ᠢ | ᠨᠠᠷᠢᠨ ᠵᠢᠭᠠᠵᠤ ᠭᠠᠷᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ | ᠬᠠᠷᠢᠭᠤᠴᠠᠯᠭᠠᠲᠠᠨ ᠢ ᠵᠠᠷᠯᠢᠭᠳᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠠᠷᠢᠶ᠎ᠠ ᠣᠷᠣᠨ ᠤ ᠠᠶᠤᠯᠬᠦᠢ ᠶᠢᠨ | ᠬᠢᠨᠠᠯᠲᠠ ᠲᠠᠯᠪᠢᠭᠴᠢ ᠠᠴᠠ ︽ᠡᠷᠭᠢᠵᠦ ᠬᠠᠷᠠᠬᠤ︾ ᠠᠵᠢᠯ ᠢ ᠰᠠᠶᠢᠲᠤᠷ ᠬᠢᠵᠦ᠂ ᠪᠢᠳᠡᠬᠦᠦ ᠭᠤᠬᠴᠤᠭᠠᠲᠦ | ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠪᠡᠶᠡᠯᠡᠭᠦᠯᠪᠡ᠃ ᠡᠭᠦᠨ ᠤ ᠬᠠᠮᠲᠤ᠂ ᠠᠵᠢᠯᠲᠠᠳ ᠠᠴᠠ | ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠳᠤ ᠭᠠᠯ ᠤᠨ ᠠᠶᠤᠯ ᠤᠨ ᠠᠳᠡᠯ ᠢ ᠰᠡᠷᠭᠡᠶᠢᠯᠡᠬᠦ ᠮᠡᠳᠡᠯᠭᠡ᠂ ᠡᠳᠦᠷ | ᠲᠤᠲᠤᠮ ᠤᠨ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠲᠤᠬᠠᠶ ᠲᠠᠶᠢᠯᠪᠤᠷᠢᠯᠠᠵᠤ ᠦᠭᠬᠦᠨ᠂ | ᠬᠠᠷᠢᠭᠤᠴᠠᠯᠭᠠᠲᠠᠨ ᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠪᠠᠭᠠᠵᠢ | ᠬᠡᠷᠡᠭᠰᠡᠯ ᠤᠨ ᠲᠣᠬᠢᠷᠠᠭᠤᠯᠤᠯᠲᠠ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ | ᠬᠠᠷᠢᠶ᠎ᠠ ᠣᠷᠣᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃ | |