11 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ᠯᠠᠪᠳᠠᠢ | ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠲᠡᠷᠢᠭᠦᠨ ᠵᠡᠷᠬᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠶᠢᠨ ᠶᠦᠩ ᠯᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠸᠠᠢ ᠰᠦᠩ᠂ | ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠲᠢᠶᠠᠨ ᠵᠢᠶᠧ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦ᠋ ᠸᠧᠨ ᠴᠢᠩ ᠬᠤᠷᠠᠯ ᠢ ᠡᠷᠬᠢᠯᠡᠵᠦ᠂ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ ᠃ | ᠬᠤᠷᠠᠯ ᠳᠡᠭᠡᠷ᠎ᠡ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠦ᠋ ᠸᠧᠨ ᠴᠢᠩ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠲᠦᠷᠦᠭᠦᠯᠡᠨ ᠬᠤᠪᠢ | ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠪᠡ᠃ ᠲᠠᠷᠠᠭ᠎ᠠ ᠨᠢ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ | ᠲᠡᠰ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ | ᠨᠠᠷᠢᠨ ᠬᠢᠨᠠᠮᠠᠭᠠᠢ ᠥᠷᠨᠢᠭᠦᠯᠪᠡ᠃ ᠶᠢᠨ ᠶᠦᠩ ᠯᠢ᠂ ᠰᠢᠤᠸᠠᠢ ᠰᠦᠩ ᠲᠤᠰ ᠲᠤᠰ ᠵᠢᠯᠣᠭᠤᠳᠬᠤ ᠶᠠᠷᠢᠶ᠎ᠠ | ᠲᠠᠯᠪᠢᠪᠠ᠃ | ᠶᠢᠨ ᠶᠦᠩ ᠯᠢ᠂ ᠬᠥᠨᠳᠡᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠭᠦᠢᠴᠡᠳ᠂ ᠰᠢᠭᠦᠮᠵᠢᠯᠡᠯ | ᠦᠨᠡᠨᠴᠢ ᠪᠦᠬᠡᠳ ᠭᠦᠨᠵᠡᠭᠡᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠵᠦ᠂ ᠦᠵᠡᠯ | ᠰᠠᠨᠠᠭ᠎ᠠ ᠪᠠᠨ ᠤᠯᠤᠯᠴᠠᠬᠤ᠂ ᠠᠰᠠᠭᠤᠳᠠᠯ ᠢ ᠣᠨᠣᠪᠴᠢᠲᠠᠢ ᠡᠷᠢᠬᠦ᠂ ᠪᠦᠯᠬᠦᠮᠳᠡᠯ ᠢᠶᠠᠨ ᠴᠢᠩᠭᠠᠳᠬᠠᠬᠤ᠂ ᠬᠠᠮᠲᠤ ᠶᠢᠨ | ᠲᠠᠨᠢᠯᠲᠠ ᠶᠢ ᠪᠦᠷᠢᠯᠳᠦᠭᠦᠯᠬᠦ᠂ ᠠᠵᠢᠯ ᠢ ᠠᠬᠢᠭᠤᠯᠬᠤ ᠵᠢᠱᠢᠭᠰᠡᠨ ᠦᠷ᠎ᠡ ᠪᠦᠲᠦᠮᠵᠢ ᠳᠤ ᠬᠦᠷᠪᠡ᠃ ᠲᠠᠷᠠᠭᠠᠴᠢ ᠶᠢᠨ | ᠠᠯᠬᠤᠮ ᠳᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠬᠤᠶᠢᠰᠢᠳᠠ ᠶᠢᠨ ᠠᠵᠢᠯ ᠳᠤᠮᠳᠠ ᠪᠠᠨ ᠦᠨᠡᠨ | ᠬᠦ ᠬᠡᠷᠡᠭᠯᠡᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠶᠴᠡᠳ ᠵᠥᠪᠳᠡᠯᠴᠡᠨ ᠲᠥᠷᠥ ᠶᠢᠨ ᠶᠠᠪᠤᠳᠠᠯ ᠢ | ᠵᠥᠪᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠣᠳᠠᠲᠠᠶ ᠥᠷᠨᠢᠭᠦᠯᠵᠦ᠂ ᠢᠳᠬᠠᠯ ᠰᠠᠨᠠᠭᠤᠯᠭ᠎ᠠ ᠶᠢ | ᠢᠯᠡᠭᠦᠬᠡᠨ ᠰᠣᠨᠣᠰᠴᠤ᠂ ᠰᠠᠶᠢᠨ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠵᠦ᠂ ᠪᠣᠳᠠᠲᠠᠶ ᠠᠷᠭ᠎ᠠ ᠬᠡᠮᠵᠢᠶ᠎ᠡ ᠶᠢ | ᠢᠯᠡᠭᠦᠬᠡᠨ ᠭᠠᠷᠭᠠᠵᠤ᠂ ᠠᠷᠠᠯᠵᠢᠶᠠᠴᠢᠨ ᠤᠷᠢᠵᠤ ᠪᠠᠯᠠ ᠮᠥᠩᠭᠦ ᠣᠷᠣᠭᠤᠯᠤᠨ ᠠᠪᠴᠢᠷᠠᠬᠤ ᠳᠤ ᠵᠠᠮ ᠲᠠᠭᠠᠭᠤᠯᠤᠨ | ᠬᠦᠮᠦᠨ ᠲᠠᠨᠢᠯᠴᠠᠭᠤᠯᠵᠤ ᠦᠭᠬᠦᠨ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠤ ᠵᠠᠮ ᠳᠡᠪᠢᠰᠴᠦ ᠬᠥᠭᠦᠷᠭᠡ | ᠲᠠᠯᠪᠢᠨ᠂ ᠬᠥᠨᠳᠡᠯᠡᠨ ᠲᠣᠭᠤᠷᠢᠭ ᠤᠨ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ | ᠪᠣᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ | ᠭᠡᠵᠦ ᠴᠢᠬᠤᠯᠠᠴᠢᠯᠠᠪᠠ᠃ | ᠰᠢᠤᠸᠠᠢ ᠰᠦᠩ᠂ ᠬᠥᠨᠳᠡᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠭᠤᠣᠯ ᠡᠭᠦᠷᠭᠡ ᠶᠢᠨ | ᠲᠣᠭᠤᠷᠢᠨ ᠳᠤ᠂ ᠡᠭᠦᠷᠭᠡ ᠲᠤᠰᠢᠶᠠᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠠᠨ ᠡᠰᠢᠵᠢᠭᠰᠡᠨ | ᠵᠥᠪᠯᠡᠬᠦ ᠲᠠᠪᠴᠠᠩ ᠢ ᠪᠠᠶᠢᠭᠤᠯᠵᠤ᠂ ᠲᠤᠭᠤᠷᠢᠭ ᠤᠨ ᠳᠣᠲᠣᠷᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠤᠮᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠴᠢᠭᠯᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ | ᠬᠢᠵᠦ᠂ ᠮᠠᠰᠢ ᠤᠯᠠᠨ ᠴᠢᠨᠠᠷ ᠰᠠᠶᠢᠲᠠᠢ᠂ ᠦᠵᠡᠯᠲᠡ ᠲᠠᠢ ᠪᠥᠭᠡᠳ ᠬᠡᠷᠡᠭᠵᠢᠭᠦᠯᠵᠦ ᠪᠣᠯᠬᠤᠶᠢᠴᠠ ᠵᠥᠪᠯᠡᠯᠭᠡ ᠬᠢᠵᠦ | ᠲᠦᠷᠦ ᠶᠢᠨ ᠶᠠᠪᠤᠳᠠᠯ ᠢ ᠵᠥᠪᠯᠡᠭᠰᠡᠨ ᠦᠷ᠎ᠡ ᠪᠦᠲᠦᠭᠡᠯ ᠢ ᠪᠦᠷᠢᠯᠳᠦᠭᠦᠯᠵᠡᠢ᠃ ᠤᠨᠤᠯ ᠤᠨ ᠰᠤᠷᠤᠯᠴᠠᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠶᠢᠨ ᠦᠵᠡᠯ | ᠰᠠᠨᠠᠭᠠᠨ ᠤ ᠰᠠᠭᠤᠷᠢ ᠶᠢ ᠴᠢᠨᠠᠭᠰᠢᠳᠠ ᠰᠠᠶᠢᠲᠤᠷ ᠲᠠᠯᠪᠢᠬᠤ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠢᠩᠬᠡᠬᠡᠨ ᠠᠪᠬᠤ ᠪᠠ | ᠤᠨᠳᠤᠤᠰᠢᠭᠤᠯᠬᠤ ᠶᠢ ᠭᠦᠨᠵᠡᠭᠡᠶᠢᠷᠡᠭᠦᠯᠬᠦ ᠶᠢ ᠰᠠᠶᠢᠲᠤᠷ ᠠᠳᠬᠤᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ | ᠰᠡᠳᠬᠢᠬᠦᠢ︾ ᠶᠢ ᠪᠠᠷᠢᠮᠲᠠᠯᠠᠵᠤ᠂ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠮᠠᠨ ᠤ ᠬᠤᠲᠠ ᠶᠢᠨ | ᠪᠦᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠲᠤᠮᠳᠠ ᠲᠠᠰᠤᠷᠠᠯᠲᠠ ᠦᠭᠡᠢ ᠲᠡᠷᠢᠭᠦᠨ ᠤ ᠡᠩᠨᠡᠬᠡᠨ ᠳᠤ | ᠤᠷᠤᠬᠤ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠬᠡᠵᠤ | ᠴᠢᠬᠤᠯᠠᠴᠢᠯᠠᠪᠠ᠃ ︵ᠰᠤᠷᠪᠤᠯᠵᠢᠯᠠᠭᠴᠢ᠄ ᠵᠤᠤ ᠶᠢᠨ ᠹᠧᠩ᠂ ᠭᠤᠤ ᠵᠢᠶᠠ ᠲᠦᠩ ᠬᠢᠨᠠᠨ | ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶ |