ᠬᠤ᠋ ᠴᠢᠶᠠᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠮᠠᠨ ᠤ ᠲᠤᠭᠤᠷᠢᠭ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠠᠩ ᠹᠦ᠋ ᠷᠦᠩ᠂ ᠯᠢ ᠮᠢᠩ ᠱᠧᠩ᠂ ᠪᠥᠬᠡ ᠶᠢ ᠪᠣᠯᠭᠤᠭᠠᠨ ᠦᠵᠡᠵᠦ᠂ ᠲᠡᠳᠡᠨ ᠤ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠳᠣᠲᠣᠨᠣ ᠮᠡᠨᠳᠦᠴᠢᠯᠡᠯ ᠳᠡᠪᠰᠢᠭᠦᠯᠪᠡ᠃
    ᠬᠤ᠋ ᠴᠢᠶᠠᠩ ᠠᠬᠠᠮᠠᠳ ᠺᠠᠳ᠋ᠷ ᠤᠨ ᠠᠮᠢᠳᠤᠷᠠᠯ ᠪᠠ ᠪᠡᠶ᠎ᠡ ᠶᠢᠨ ᠡᠷᠡᠬᠦᠯ ᠮᠠᠨᠳᠤ ᠶᠢᠨ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠲᠡᠳᠡᠨ ᠲᠠᠢ ᠬᠠᠮᠲᠤ ᠪᠠᠷ ᠬᠥᠨᠳᠡᠯᠡᠨ ᠲᠣᠭᠤᠷᠢᠭ ᠤᠨ ᠬᠥᠭᠵᠢᠯᠲᠡ ᠶᠢ ᠶᠠᠷᠢᠯᠴᠠᠪᠠ᠃ ᠬᠤ᠋ ᠴᠢᠶᠠᠩ᠂ ᠬᠥᠨᠳᠡᠯᠡᠨ ᠲᠣᠭᠤᠷᠢᠭ ᠤᠨ ᠣᠯᠤᠭᠰᠠᠨ ᠠᠮᠵᠢᠯᠲᠠ ᠪᠦᠲᠦᠮᠵᠢ ᠳᠤ ᠠᠬᠠᠮᠠᠳ ᠨᠥᠬᠦᠳ ᠤᠨ ᠬᠦᠴᠦ ᠬᠥᠯᠥᠰᠥ ᠰᠢᠩᠬᠡᠵᠤ ᠪᠤᠢ᠃ ᠪᠢᠳᠡ ᠠᠬᠠᠮᠠᠳ ᠺᠠᠳ᠋ᠷ ᠤᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠬᠦ ᠤᠤᠷ ᠴᠢᠨᠠᠷ ᠢ ᠳᠠᠷᠤᠤ ᠬᠢᠴᠢᠶᠡᠩᠭᠦᠢ ᠰᠤᠷᠤᠯᠴᠠᠵᠤ᠂ ᠦᠷᠭᠦᠯᠵᠢᠯᠡᠨ ᠲᠡᠮᠡᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠥᠨᠳᠡᠯᠡᠨ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠨᠡᠩ ᠶᠡᠭᠡ ᠰᠢᠨ᠎ᠡ ᠠᠮᠵᠢᠯᠲᠠ ᠤᠯᠬᠤ ᠶᠢ ᠴᠢᠷᠮᠠᠶᠢᠨ ᠠᠬᠢᠭᠤᠯᠤᠨ᠎ᠠ ᠬᠡᠵᠡᠢ᠃
    ᠬᠤ᠋ ᠴᠢᠶᠠᠩ᠂ ᠠᠬᠠᠮᠠᠳ ᠺᠠᠳ᠋ᠷ ᠪᠣᠯ ᠮᠠᠨ ᠤ ᠡᠷᠬᠢᠮ ᠨᠠᠨᠳᠢᠨ ᠥᠪ ᠬᠦᠷᠦᠩᠭᠡ ᠮᠥᠨ᠂ ᠠᠬᠠᠮᠠᠳ ᠨᠥᠬᠦᠳ ᠪᠡᠶ᠎ᠡ ᠪᠠᠨ ᠰᠤᠪᠢᠯᠠᠨ ᠭᠠᠮᠨᠠᠬᠤ ᠶᠢᠨ ᠬᠠᠮᠲᠤ᠂ ᠬᠥᠨᠳᠡᠯᠡᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ     ᠮᠥᠴᠢᠷ ᠤᠨ ᠬᠢᠨ ᠠᠬᠠᠮᠠᠳ ᠨᠥᠬᠦᠳ ᠢ ᠢᠯᠡᠭᠦᠬᠡᠨ ᠬᠠᠯᠠᠮᠵᠢᠯᠠᠨ ᠬᠠᠶᠢᠷᠠᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠨᠠᠷᠢᠨ ᠨᠢᠮᠪᠠᠢ ᠰᠠᠶᠢᠲᠤᠷ ᠬᠢᠵᠦ᠂ ᠠᠬᠠᠮᠠᠳ ᠨᠥᠬᠦᠳ ᠲᠤ ᠨᠡᠩ ᠳᠥᠭᠦᠮ ᠠᠮᠢᠳᠤᠷᠠᠯ ᠤᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠬᠡᠪᠡ᠃
    ᠠᠬᠠᠮᠠᠳ ᠺᠠᠳ᠋ᠷᠴᠤᠳ ᠬᠤ᠋ ᠴᠢᠶᠠᠩ ᠤᠨ ᠬᠥᠨᠳᠡᠯᠡᠨ ᠲᠣᠭᠤᠷᠢᠭ ᠲᠤ ᠢᠷᠡᠵᠦ ᠠᠵᠢᠯᠯᠠᠬᠤ ᠶᠢ ᠪᠠᠶᠠᠷᠯᠠᠨ ᠤᠭᠲᠤᠵᠤ᠂ ᠬᠤ᠋ ᠴᠢᠶᠠᠩ ᠲᠤᠰᠢᠶᠠᠯ ᠡᠭᠦᠷᠭᠡᠯᠡᠭᠰᠡᠨ ᠤ ᠳᠠᠷᠠᠭᠠᠬᠢ ᠠᠩᠬᠠᠨ ᠤ ᠡᠳᠦᠷ ᠲᠡᠭᠡᠨ ᠲᠡᠷᠤᠢ ᠲᠡᠳᠡ     ᠨᠡᠷ ᠤᠨ ᠬᠡᠷ ᠲᠤ ᠬᠦᠷᠴᠦ ᠢᠷᠡᠨ ᠪᠣᠯᠭᠤᠭᠠᠨ ᠦᠵᠡᠭᠰᠡᠨ ᠳᠤ ᠲᠠᠯᠠᠷᠬᠠᠵᠤ᠂ ᠬᠤ᠋ ᠴᠢᠶᠠᠩ ᠨᠥᠬᠦᠷ ᠢᠶᠠᠷ ᠤᠳᠤᠷᠢᠳᠬᠤ ᠪᠠᠭ ᠤᠨ ᠳᠠᠷᠤᠭ᠎ᠠ ᠪᠣᠯᠭᠠᠭᠰᠠᠨ ᠲᠣᠭᠤᠷᠢᠭ ᠤᠨ ᠨᠠᠮ ᠤᠨ ᠬᠤᠷᠢᠶᠠᠨ ᠤ ᠳᠠᠭᠠᠭᠤᠯᠭ᠎ᠠ ᠳᠤᠤᠷ᠎ᠠ᠂ ᠬᠥᠨᠳᠡᠯᠡᠨ ᠲᠣᠭᠤᠷᠢᠭ ᠨᠠᠩ ᠰᠠᠶᠢᠨ ᠰᠠᠶᠢᠬᠠᠨ ᠢᠷᠡᠭᠡᠳᠦᠶ ᠲᠠᠢ ᠪᠣᠯᠬᠤ ᠶᠢ ᠢᠲᠡᠭᠡᠵᠦ ᠪᠠᠶᠢᠨ᠎ᠠ ᠬᠡᠪᠡ᠃       ᠲᠤᠭᠤᠷᠢᠭ ᠤᠨ ᠤᠳᠤᠷᠢᠳᠤᠯᠭ᠎ᠠ ᠯᠢᠦ ᠷᠦᠢ ᠯᠦᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠯᠢᠦ ᠬᠤᠢ ᠰᠢᠤᠸᠠᠨ  ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号