ᠬᠠᠲᠤᠨ ᠭᠤᠤᠯ ᠪᠠᠷᠠᠭᠤᠨ ᠵᠠᠮ ᠤᠨ ᠵᠡᠭᠡᠯᠢ ᠭᠤᠳᠤᠮᠵᠢ ᠬᠠᠯᠠᠭᠤᠨ ᠲᠤᠯᠠᠭᠠᠨ ᠨᠡᠶᠢᠭᠡᠮ ᠲᠣᠭᠤᠷᠢᠭ ᠢ ᠪᠠᠶᠢᠭᠤᠯᠵᠤ ᠠᠷᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/12/5
    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠢᠯᠡᠴᠢᠯᠡᠭᠡᠨ ᠤ ᠶᠠᠪᠤᠴᠠ ᠶᠢ ᠲᠠᠰᠤᠷᠠᠯᠲᠠ ᠤᠶᠢᠭᠡᠢ ᠰᠢᠯᠢᠳᠡᠭᠵᠢᠭᠦᠯᠦᠨ᠂ ᠠᠵᠢᠯ ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠴᠠᠭ ᠲᠤᠬᠠᠶ ᠳᠤᠨᠢ᠂ ᠪᠦᠲᠦᠮᠵᠢᠲᠡᠶ ᠰᠢᠶᠳᠪᠦᠷᠢᠯᠡᠬᠦ ᠶᠢ ᠦᠨᠡᠨᠬᠦ ᠪᠠᠲᠤᠯᠠᠪᠠ᠃ ᠨᠢᠭᠡ ᠳᠤ᠂ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠪᠡ᠃ ᠨᠡᠶᠢᠭᠡᠮ ᠲᠣᠭᠤᠷᠢᠭ ᠤᠨ ᠳᠣᠲᠣᠷᠠᠬᠢ ᠵᠠᠮ᠂ ᠭᠡᠷᠡᠯᠲᠦᠭᠦᠯᠭᠡ ᠵᠡᠷᠭᠡ ᠰᠠᠭᠤᠷᠢ ᠲᠦᠬᠦᠭᠡᠷᠦᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠪᠠ ᠳᠡᠰ ᠳᠡᠪᠰᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢ ᠦᠨᠡᠨᠬᠦ ᠪᠠᠲᠤᠯᠠᠪᠠ᠃ 5000 ᠭᠠᠷᠤᠶ ᠲᠡᠭᠰᠢ ᠳᠥᠷᠪᠡᠯᠵᠢᠨ ᠮᠧᠲᠷ ᠪᠦᠬᠦᠢ ᠡᠪᠳᠡᠭᠳᠡᠭᠰᠡᠨ ᠵᠠᠮ ᠢ ᠰᠡᠯᠪᠢᠨ ᠵᠠᠰᠠᠵᠤ᠂ 303 ᠭᠠᠷᠤᠶ ᠵᠠᠮ ᠤᠨ ᠳ᠋ᠧᠩ ᠢ ᠰᠡᠯᠪᠢᠨ ᠵᠠᠰᠠᠪᠠ᠃ ᠬᠤᠶᠠᠷ ᠲᠤ᠂ ᠤᠷᠤᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠪᠠ᠃ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ 1300 ᠭᠠᠷᠤᠢ ᠭᠠᠵᠠᠷ ᠲᠠᠬᠢ ᠥᠨᠴᠥᠭ ᠪᠤᠯᠤᠩ ᠢ ᠴᠡᠪᠡᠷᠯᠡᠵᠦ᠂ ᠬᠤᠭ ᠨᠣᠪᠰᠢ ᠶᠢ ᠲᠦᠷᠦᠯ ᠬᠤᠪᠢᠶᠠᠨ ᠲᠠᠯᠪᠢᠬᠤ 71 ᠴᠡᠭ ᠢ ᠨᠡᠮᠡᠵᠦ ᠲᠤᠬᠢᠷᠠᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠡᠩ ᠴᠡᠪᠡᠷ ᠲᠡᠭᠰᠢ᠂ ᠲᠠᠭᠠᠯᠠᠮᠵᠢᠲᠠᠢ ᠪᠣᠯᠭᠠᠪᠠ᠃ ᠭᠤᠷᠪᠠ ᠳᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠲᠠᠰ ᠳᠡᠪᠰᠢᠭᠦᠯᠪᠡ᠃ ︽ᠨᠢᠭᠡ ᠥᠷᠲᠡᠭᠡᠴᠢᠯᠡᠭᠰᠡᠨ      ᠮᠠᠶ᠋ᠢᠭ︾ ᠤᠨ ᠦᠶᠯᠡᠴᠢᠯᠡᠭᠡ ᠶᠢ ᠢᠳᠡᠪᠬᠢᠲᠡᠶ ᠳᠡᠯᠭᠡᠷᠡᠭᠦᠯᠵᠦ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠳᠥᠭᠦᠮᠴᠢᠯᠡᠬᠦ ᠶᠢᠨ ᠬᠠᠮᠲᠤ᠂ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠬᠡᠵᠢᠶ᠎ᠡ ᠬᠠᠮᠢᠭ᠎ᠠ ᠴᠤ ᠭᠡᠰᠡᠨ ᠠᠰᠠᠭᠤᠨ ᠯᠠᠪᠯᠠᠬᠤ᠂ ᠪᠠᠶᠢᠴᠠᠭᠠᠨ ᠯᠠᠪᠯᠠᠬᠤ ᠪᠠ ᠲᠤᠬᠠᠶᠢᠯᠠᠭᠰᠠᠨ ᠠᠵᠢᠯ ᠭᠦᠶᠴᠡᠳᠬᠡᠬᠦ ᠳᠤ ᠲᠥᠬᠦᠮ ᠦᠵᠡᠭᠦᠯᠪᠡ᠃ ᠡᠨᠡ ᠵᠢᠯ ᠠᠴᠠ ᠨᠠᠭᠠᠰᠢ᠂ ᠴᠡᠷᠬᠢᠶ᠎ᠡ᠂ ᠸᠢᠴᠠᠲ ᠨᠡᠶᠢᠲᠡ ᠶᠢᠨ ᠲᠠᠪᠴᠠᠩ ᠵᠡᠷᠭᠡ ᠪᠠᠷ ᠲᠡᠮᠵᠢᠨ 641 ᠵᠤᠷᠪᠤᠰ ᠮᠡᠳᠡᠭᠡ ᠵᠠᠩᠭᠢ ᠢ ᠨᠡᠶᠢᠲᠡᠯᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ 400 ᠤᠳᠠᠭ᠎ᠠ ᠵᠣᠬᠢᠶᠠᠨ ᠪᠠᠶᠢᠭᠤᠯᠵᠤ᠂ 3.2 ᠲᠦᠮᠡᠨ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠡᠭᠡᠨ ᠳᠥᠭᠦᠮ ᠲᠦᠷᠬᠡᠨ ᠦᠶᠯᠡᠴᠢᠯᠡᠭᠡ ᠬᠦᠷᠲᠡᠬᠦ ᠶᠢ ᠪᠠᠶᠠᠯᠡᠬᠦᠯᠪᠡ᠃ ︵ᠬᠠᠲᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号