ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠭᠤᠷᠪᠠᠨ ᠠᠷᠭ᠎ᠠ ᠬᠡᠮᠵᠢᠶ᠎ᠡ ᠨᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/12/5
     ᠨᠢᠭᠡ ᠳᠤ᠂ ᠲᠥᠷᠥᠯ ᠬᠤᠪᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠸᠢᠴᠠᠲ ᠨᠡᠶᠢᠲᠡ ᠶᠢᠨ ᠲᠠᠪᠴᠠᠩ᠂ ᠵᠠᠰᠠᠭ ᠤᠨ ᠶᠠᠪᠤᠳᠠᠯ ᠤᠨ ᠪᠢᠴᠢᠯ ᠪᠦᠷᠭᠡ᠂ ᠡᠯᠧᠺᠲᠷᠣᠨ ᠳᠡᠯᠭᠡᠴᠡ ᠵᠡᠷᠭᠡ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠶᠡᠷᠦᠩᠬᠡᠶᠢᠯᠡᠨ ᠬᠡᠷᠡᠭᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠤᠬᠠᠭᠤᠯᠭ᠎ᠠ ᠶᠢᠨ ᠮᠡᠳᠡᠭᠡ ᠵᠠᠩᠭᠢ ᠶᠢ ᠲᠠᠮᠵᠢᠭᠤᠯᠵᠤ᠂ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠵᠡᠷᠭᠡ ᠶᠢ 1000 ᠭᠠᠷᠤᠶ ᠬᠤᠪᠢ ᠲᠠᠷᠬᠠᠭᠠᠬᠤ ᠶᠢᠨ ᠬᠠᠮᠲᠤ LED ᠳᠡᠯᠭᠡᠴᠡ᠂ ᠴᠠᠬᠢᠯᠭᠠᠨ ᠱᠠᠲᠤ ᠶᠢᠨ ᠣᠯᠠᠨ ᠵᠠᠭᠤᠴᠢᠳᠤ ᠤᠬᠠᠭᠤᠯᠭ᠎ᠠ ᠶᠢᠨ ᠳᠡᠯᠭᠡᠴᠡ ᠵᠡᠷᠭᠡ ᠠᠴᠢᠶᠠᠯᠠᠪᠤᠷᠢ ᠶᠢ ᠠᠰᠢᠭᠯᠠᠨ᠂ ᠬᠤᠭ ᠨᠣᠪᠰᠢ ᠶᠢ ᠲᠥᠷᠥᠯ ᠬᠤᠪᠢᠶᠠᠬᠤ ᠸᠢᠳᠢᠣ᠋ ᠵᠢᠴᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ 100 ᠭᠠᠷᠤᠶ ᠤᠳᠠᠭ᠎ᠠ ᠬᠥᠳᠡᠯᠦᠩᠭᠦᠶ ᠪᠠᠷ ᠨᠡᠪᠲᠡᠷᠡᠭᠦᠯᠵᠦ᠂ ︽ᠰᠦᠯᠵᠢᠶᠡᠨ ᠳᠡᠭᠡᠷ᠎ᠡ + ᠠᠬᠤᠢ ᠲᠠᠯᠠᠪᠠᠢ︾ ᠶᠢᠨ ᠪᠣᠰᠤᠭ᠎ᠠ ᠴᠣᠭᠴᠠᠲᠤ ᠤᠬᠠᠭᠤᠯᠭ᠎ᠠ ᠶᠢ ᠥᠷᠨᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ︽ᠬᠥᠮᠦᠨ ᠪᠦᠬᠦᠨ ᠬᠤᠭ ᠨᠤᠪᠰᠢ ᠶᠢ ᠲᠦᠷᠦᠯ ᠬᠤᠪᠢᠶᠠᠬᠤ ᠳᠤ ᠤᠷᠤᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃ ᠬᠤᠶᠠᠷ ᠲᠤ᠂ ᠪᠠᠷᠢᠯᠭ᠎ᠠ ᠶᠢᠨ ᠬᠤᠭ ᠨᠣᠪᠰᠢ ᠶᠢᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠪᠠ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠪᠠ ᠳᠤᠷ᠎ᠠ ᠪᠠᠷ ᠲᠠᠯᠪᠢᠬᠤ ᠪᠠᠶᠢᠳᠠᠯ ᠠᠮᠠᠷᠬᠠᠨ ᠡᠭᠦᠰᠬᠦ ᠴᠡᠭ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠣᠲᠣ ᠶᠢᠨ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠣᠪᠣᠭᠠᠯᠠᠬᠤ ᠴᠡᠭ ᠢ ᠠᠷᠢᠯᠭᠠᠨ ᠴᠡᠪᠡᠷᠯᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠂ ᠲᠤᠤᠷᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠪᠠ᠃ ᠣᠳᠣᠬᠠᠨ ᠪᠣᠯᠲᠠᠯ᠎ᠠ᠂ ᠵᠠᠮ ᠳᠠᠭᠠᠤ ᠶᠢᠨ 1000 ᠭᠠᠷᠤᠶ ᠡᠵᠡᠩᠨᠡᠯᠲᠡ ᠶᠢᠨ ᠡᠭᠦᠳᠡᠨ ᠳᠡᠯᠭᠡᠭᠦᠷ ᠢ ᠵᠢᠭᠰᠠᠭᠠᠨ ᠪᠠᠶᠢᠴᠠᠭᠠᠵᠤ᠂ ᠳᠤᠷ᠎ᠠ ᠪᠠᠷ ᠣᠪᠣᠭᠠᠯᠠᠵᠤ ᠲᠠᠯᠪᠢᠬᠤ ᠪᠠ ᠤᠤᠯ ᠳᠠᠭᠠᠨ ᠴᠠᠪᠡᠷᠯᠡᠵᠤ ᠪᠠᠶᠢᠬᠰᠠᠨ ᠦᠭᠡᠢ ᠥᠨᠴᠥᠭ ᠪᠤᠯᠤᠩ 100 ᠭᠠᠷᠤᠶ ᠭᠠᠵᠠᠷ ᠢ ᠠᠷᠢᠯᠭᠠᠨ ᠴᠡᠪᠡᠷᠯᠡᠪᠡ᠃ ᠭᠤᠷᠪᠠ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠭᠡᠷ ᠢ ᠦᠷᠭᠦᠯᠵᠢᠯᠡᠨ ᠰᠠᠶᠢᠲᠤᠷ ᠬᠡᠷᠡᠭᠯᠡᠪᠠ᠃ ᠬᠠᠷᠢᠶ᠎ᠠ ᠣᠷᠣᠨ ᠤ ᠪᠠᠨ ᠪᠤᠢ ᠪᠦᠬᠦᠢ ᠬᠤᠭ ᠨᠣᠪᠰᠢ ᠴᠤᠭᠯᠠᠭᠤᠯᠬᠤ ᠭᠡᠷ ᠪᠠᠶᠢᠰᠢᠩ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ 3 ᠠᠮᠢᠳᠤᠷᠠᠯ ᠤᠨ ᠬᠤᠭ ᠨᠣᠪᠰᠢ ᠴᠤᠭᠯᠠᠭᠤᠯᠬᠤ ᠭᠡᠷ ᠪᠠᠶᠢᠰᠢᠩ ᠤᠨ ᠰᠢᠯᠭᠠᠨ ᠠᠪᠬᠤ ᠠᠵᠢᠯ ᠢ ᠰᠠᠶᠢᠲᠤᠷ ᠠᠳᠬᠤᠵᠤ᠂ ᠣᠯᠠᠨ ᠲᠦᠮᠡᠨ ᠠᠴᠠ ᠥᠷᠭᠡᠨ ᠢᠶᠠᠷ ᠰᠠᠨᠠᠯ ᠬᠤᠷᠢᠶᠠᠵᠤ᠂ ᠭᠠᠵᠠᠷ ᠢᠶᠠᠨ ᠰᠠᠶᠢᠲᠤᠷ ᠰᠣᠩᠭᠤᠨ᠂ ᠬᠤᠭ ᠨᠤᠪᠰᠢ ᠴᠤᠬᠯᠠᠭᠤᠯᠬᠤ ᠭᠡᠷ ᠪᠠᠶᠢᠰᠢᠩ ᠢ ᠰᠠᠶᠢᠳᠤᠷ ᠪᠠᠷᠢᠵᠤ᠂ ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠬᠤᠭ ᠨᠤᠪᠰᠢ ᠶᠢ ᠬᠤᠷᠢᠶᠠᠨ ᠴᠤᠬᠯᠠᠭᠤᠯᠬᠤ 3 ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠬᠤᠭ ᠨᠤᠪᠰᠢ ᠴᠤᠬᠯᠠᠭᠤᠯᠬᠤ ᠭᠡᠷ ᠪᠠᠶᠢᠰᠢᠩ ᠤᠨ ᠦᠢᠯᠡᠳᠦᠯ ᠢ ᠭᠦᠢᠴᠡᠳ ᠪᠠᠳᠠᠷᠠᠭᠤᠯᠪᠠ᠃  ︵ᠬᠤᠳᠠ ᠶᠢᠨ ᠵᠠᠰᠠᠭ   ᠤᠨ ᠵᠡᠬᠦᠨ ᠵᠠᠮ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号