ᠬᠥᠨᠳᠡᠯᠡᠨ ᠲᠣᠭᠤᠷᠢᠭ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠭᠦᠶᠴᠡᠳ ᠠᠰᠢᠭᠯᠠᠨ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠢ ᠰᠢᠶᠳᠪᠦᠷᠢᠯᠡᠪᠡ
ᠨᠡᠶᠢᠲᠡᠯᠡᠭᠰᠡᠨ ᠴᠠᠭ᠄
2024/12/5
    ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ︽ᠲᠠᠨ ᠳᠤ ᠬᠠᠨᠤᠮᠵᠢᠳᠠᠢ ᠪᠤᠭᠤᠳᠤ︾ ︽ᠲᠨ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠡᠷᠢᠭᠦᠨ ᠵᠡᠷᠬᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠨᠢᠭᠡ ᠳᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠪᠠ᠃ ᠮᠡᠷᠭᠡᠵᠢᠯ ᠤᠨ ᠪᠣᠯᠪᠠᠰᠤᠷᠠᠯ ᠬᠦᠷᠳᠡᠬᠡᠬᠦ᠂ ᠰᠢᠨᠵᠢᠯᠡᠬᠦ ᠤᠬᠠᠭᠠᠨᠴᠢ ᠪᠠᠷ ᠲᠠᠷᠢᠬᠤ᠂ ᠲᠡᠵᠢᠭᠡᠨ ᠦᠷᠡᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠪᠠ᠃ ᠲᠡᠷᠢᠭᠦᠨ ᠤ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠲᠠᠷᠢᠶᠠᠴᠢᠳ ᠤᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠪᠠ᠃ ᠣᠳᠣᠬᠠᠨ ᠪᠣᠯᠲᠠᠯ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠥᠳᠡᠭᠡ ᠪᠠᠭᠤᠵᠤ ᠮᠡᠷᠬᠡᠵᠢᠯ ᠤᠨ ᠵᠢᠯᠤᠭᠤᠳᠤᠯᠭ᠎ᠠ ᠬᠢᠬᠦ ᠮᠡᠷᠭᠡᠵᠢᠯ ᠤᠨ ᠵᠢᠭᠠᠨ ᠵᠢᠯᠣᠭᠤᠳᠣᠭᠴᠢ ᠶᠢ ᠨᠡᠶᠢᠲᠡ 7 ᠬᠥᠮᠦᠨ ᠤᠳᠠᠭ᠎ᠠ ᠲᠣᠮᠢᠯᠠᠵᠤ᠂ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ ᠡᠷᠭᠢᠯᠡᠵᠦ᠂ 180 ᠭᠠᠷᠤᠶ ᠮᠠᠯᠴᠢᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ︔ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢ 27 ᠨᠡᠷᠡᠰ ᠲᠣᠮᠢᠯᠠᠵᠤ ᠦᠨᠳᠦᠰᠦᠨ ᠱᠠᠲᠤᠨ ᠳᠤ 18 ᠤᠳᠠᠭ᠎ᠠ ᠦᠢᠯᠡᠴᠢᠯᠡᠭᠦᠯᠵᠦ᠂ 167 ᠮᠠᠯᠴᠢᠨ ᠲᠠᠷᠢᠶᠠᠴᠢᠨ ︵ᠬᠦᠮᠦᠨ ᠤᠳᠠᠭ᠎ᠠ︶ ᠳᠤ ᠦᠢᠯᠡᠴᠢᠯᠡᠪᠡ᠃ ︽ᠤᠯᠠᠯᠵᠢ ᠶᠢᠨ ᠰᠠᠭᠤᠭᠳᠠᠯ︾᠂ ︽ᠪᠤᠷᠬᠠᠨᠲᠤ ᠶᠢᠨ ᠰᠢᠨ᠎ᠡ ᠰᠤᠷᠭᠤᠭ ᠮᠢᠬᠠᠨ ᠤ ᠪᠡᠯᠡᠭ︾ ᠵᠡᠷᠭᠡ ᠪᠦᠲᠦᠭᠡᠭᠳᠡᠬᠦᠨ ᠤ ᠨᠠᠩ ᠶᠡᠭᠡ ᠵᠠᠬ᠎ᠠ ᠳᠡᠯᠭᠡᠭᠦᠷ ᠤᠨ ᠣᠷᠣᠨ ᠵᠠᠶ ᠶᠢ ᠨᠡᠭᠡᠭᠡᠬᠦ ᠶᠢ ᠠᠬᠢᠭᠤᠯᠵᠤ᠂ ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠳᠠᠪᠠᠭᠤᠯᠢᠭ ᠢ ᠪᠠᠳᠠᠷᠠᠭᠤᠯᠵᠤ᠂ ᠲᠣᠰ ᠲᠣᠰ ᠤᠯᠠᠯᠵᠢ ᠬᠤᠶᠠᠳᠤᠭᠠᠷ ᠲᠣᠰᠬᠤᠨ᠂ ᠬᠠᠳᠠᠮᠠᠯ ᠭᠤᠤᠯ ᠲᠣᠰᠬᠤᠨ ᠳᠤ 20 ᠮᠥ ᠢᠩᠲᠣᠣᠷ ᠳᠠᠷᠢᠵᠤ᠂ ᠠᠵᠤ ᠦᠶᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠮᠥ ᠪᠦᠷᠢ ᠶᠢᠨ ᠳᠤᠮᠳᠠᠴᠢ ᠥᠷᠲᠡᠭ ᠢ ᠳᠡᠭᠡᠭᠰᠢᠯᠡᠭᠦᠯᠪᠠ᠃ ᠬᠤᠶᠠᠷ ᠲᠤ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠪᠠ᠃ ᠲᠣᠮᠣ ᠬᠡᠯᠪᠡᠷᠢ ᠶᠢᠨ ᠬᠡᠯᠬᠢᠶ᠎ᠡ 4 ᠬᠠᠮ ᠳᠡᠯᠭᠡᠭᠦᠷ ᠲᠠᠢ ᠬᠤᠯᠪᠤᠭᠠᠯᠠᠨ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 810 ᠲᠣᠨ    ᠪᠣᠷᠣᠯᠠᠭᠤᠯᠵᠤ᠂ ᠪᠣᠷᠣᠯᠠᠭᠤᠯᠤᠭᠰᠠᠨ ᠬᠡᠮᠵᠢᠶ᠎ᠡ ᠨᠢ 873 ᠲᠦᠮᠡᠨ ᠲᠥᠭᠦᠷᠢᠭ ᠲᠤ ᠬᠦᠷᠴᠡᠶ᠃ ᠡᠭᠦᠨ ᠤ ᠬᠠᠮᠲᠤ᠂ ᠢᠨᠲ᠋ᠧᠷ ᠰᠦᠯᠵᠢᠶᠡᠨ ᠤ ᠲᠠᠪᠴᠠᠩ ᠢ ᠠᠰᠢᠭᠯᠠᠨ ᠲᠠᠷᠢᠶᠠᠴᠢᠨ ᠪᠠ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠲᠠᠪᠴᠠᠩ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠲᠠᠷᠢᠶᠠᠯᠠᠩ ᠤᠨ ᠪᠦᠲᠦᠭᠡᠭᠳᠡᠬᠦᠨ ᠢ ᠪᠤᠷᠤᠯᠠᠭᠤᠯᠬᠤ ᠰᠢᠭᠤᠳ ᠨᠡᠪᠲᠡᠷᠡᠭᠦᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠡᠷᠡᠭᠯᠡᠭᠴᠢᠳ ᠲᠤ ᠰᠢᠭᠤᠳ ᠬᠠᠨᠳᠤᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠶᠠᠨ ᠭᠠᠵᠠᠷ ᠠᠴᠠ ᠬᠡᠷ ᠤᠨ ᠡᠭᠦᠳᠡ ᠬᠦᠷᠲᠡᠯᠡᠬᠢ ᠪᠦᠬᠦ ᠬᠡᠯᠬᠢᠶ᠎ᠡ ᠶᠢᠨ ᠪᠣᠷᠣᠯᠠᠭᠤᠯᠭ᠎ᠠ ᠶᠢ ᠪᠡᠶᠡᠯᠡᠭᠦᠯᠬᠦ ᠶᠢᠨ ᠬᠠᠮᠳᠤ ᠬᠡᠷᠡᠭᠯᠡᠭᠴᠢᠳ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠣᠯᠵᠤ ᠴᠢᠳᠠᠬᠤ ᠶᠢ ᠪᠡᠶᠡᠯᠡᠬᠦᠯᠪᠡ᠃ ᠭᠤᠷᠪᠠ ᠳᠤ᠂ ᠤᠬᠠᠭᠤᠯᠬᠤ ᠡᠷᠴᠢᠮ ᠢ ᠴᠢᠩᠭᠠᠷᠠᠭᠤᠯᠪᠠ᠃ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠭᠯᠠᠭᠠᠨ᠂ ᠲᠠᠷᠢᠶᠠᠯᠠᠩ ᠤᠨ ᠪᠦᠲᠦᠭᠡᠭᠳᠡᠬᠦᠨ ᠤ ᠨᠠᠶᠢᠷ ᠵᠡᠷᠭᠡ ᠠᠵᠢᠯᠯᠠᠭ᠎ᠠ ᠪᠠᠷ ᠳᠠᠮᠵᠢᠨ᠂ ᠰᠢᠨ ᠸᠧᠶ᠂ ᠱᠧᠨ ᠮᠥ ᠵᠡᠷᠭᠡ ᠲᠠᠷᠢᠶᠠᠯᠠᠩ ᠮᠠᠯ ᠠᠵᠤ ᠠᠬᠤᠶ ᠶᠢᠨ 10 ᠠᠵᠤ ᠠᠬᠤᠶᠢᠯᠠᠯ ᠬᠢᠭᠡᠳ‌‍ᠲ᠋ᠠᠷᠭᠤᠨ ᠬᠤᠷᠠᠭ᠎ᠠ  ᠂ ᠮᠤᠤ ᠶᠧ ᠸᠠᠨ ᠬᠤᠤ ᠵᠡᠷᠭᠡ 10 ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠬᠠᠩᠭᠠᠬᠤ᠂ ᠲᠠᠷᠢᠶᠠᠯᠠᠩ ᠤᠨ ᠲᠤᠰᠠᠯᠠᠬᠤ  ᠦᠢᠯᠡᠳᠬᠦᠨ ᠢ ᠪᠣᠷᠣᠯᠠᠭᠤᠯᠬᠤ ᠵᠡᠷᠭᠡ ᠲᠠᠯ᠎ᠠ ᠪᠠᠷ ᠬᠠᠮᠳᠤᠷᠠᠯᠴᠠᠬᠤ ᠰᠠᠨᠠᠮᠵᠢ ᠲᠤᠬᠢᠷᠠᠯᠴᠠᠬᠤ ᠶᠢ ᠠᠬᠢᠭᠤᠯᠵᠤ᠂ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠭᠰᠡᠨ ᠤ ᠬᠠᠮᠲᠤ ᠳᠠᠶᠢᠴᠢᠯᠠᠬᠤ ᠦᠢᠯᠡᠳᠦᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号