ᠣᠶᠢᠷ᠎ᠠ ᠶᠢᠨ ᠵᠢᠯ ᠳᠤ᠂ ᠬᠥᠨᠳᠡᠯᠡᠨ ᠲᠣᠭᠤᠷᠢᠭ ᠤᠨ ᠬᠢᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠴᠢᠬᠤᠯᠠ ᠠᠭᠤᠯᠭ᠎ᠠ ᠪᠠ ᠠᠮᠢ ᠠᠬᠤᠶ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ | ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ ᠨᠢᠭᠡ ᠳᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠪᠠ᠃ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ᠣᠯᠠᠨ ᠤᠳᠠᠭ᠎ᠠ ᠴᠡᠭᠴᠡᠯᠡᠨ ᠰᠠᠶᠢᠵᠢᠷᠠᠭᠤᠯᠬᠤ ᠲᠠᠩᠰᠠᠨ ᠠᠴᠠ ᠬᠠᠰᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠭᠦᠯᠡᠨ ᠭᠦᠶᠴᠡᠳᠬᠡᠬᠦ | ᠨᠢᠭᠡᠴᠢ ᠨᠢ ᠱᠠᠭᠠᠷᠳᠠᠯᠭ᠎ᠠ ᠶᠣᠰᠣᠭᠠᠷ ᠪᠦᠯᠦᠭ ᠬᠤᠪᠢᠶᠠᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠰᠢᠯᠭᠠᠨ ᠠᠪᠴᠤ ᠴᠡᠭᠴᠡᠯᠡᠨ ᠰᠠᠶᠢᠵᠢᠷᠠᠭᠤᠯᠬᠤ ᠲᠠᠩᠰᠠᠨ ᠠᠴᠠ ᠬᠠᠰᠤᠬᠤ ᠠᠵᠢᠯ ᠢ ᠡᠮᠬᠢ ᠵᠢᠷᠤᠮ ᠲᠠᠢ | ᠠᠬᠢᠭᠤᠯᠪᠠ᠃ ᠣᠳᠣᠬᠠᠨ ᠳᠤ᠂ ᠲᠥᠪ ᠤᠨ ᠪᠠ ᠤᠯᠤᠰ ᠤᠨ ᠲᠠᠯ᠎ᠠ ᠠᠴᠠ ᠲᠤᠰᠢᠶᠠᠨ ᠰᠢᠶᠳᠪᠦᠷᠢᠯᠡᠭᠦᠯᠦᠭᠰᠡᠨ | 150 ᠠᠰᠠᠭᠤᠳᠠᠯ ᠤᠨ 110 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ 73% ᠶᠢ ᠪᠡᠶᠡᠯᠡᠭᠦᠯᠪᠡ︔ | ᠮᠤᠵᠢ ᠶᠢᠨ ᠱᠠᠲᠤᠨ ᠠᠴᠠ ᠢᠯᠡᠷᠡᠭᠦᠯᠦᠭᠰᠡᠨ ᠠᠰᠠᠭᠤᠳᠠᠯ ᠨᠡᠶᠢᠲᠡ 89 ᠬᠤᠪᠢ ᠪᠠᠶᠢᠵᠤ᠂ 61 ᠬᠤᠪᠢ | ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠨᠣᠷᠮ᠎ᠠ 69% ᠳᠤ ᠬᠦᠷᠴᠡᠶ᠃ | ᠦᠯᠡᠳᠡᠭᠰᠡᠨ 40 ᠠᠰᠠᠭᠤᠳᠠᠯ ᠢ ᠶᠠᠭ ᠲᠥᠯᠥᠪᠯᠡᠭᠡ ᠶᠣᠰᠣᠭᠠᠷ ᠠᠬᠢᠭᠤᠯᠵᠤ ᠪᠠᠶᠢᠨ᠎ᠠ᠃ ᠬᠤᠶᠠᠷ ᠲᠤ᠂ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠪᠠ ᠠᠮᠢ | ᠠᠬᠤᠶ ᠶᠢᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ | ᠲᠣᠭᠤᠷᠢᠨ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ᠂ ᠭᠤᠤᠯ ᠮᠦᠷᠠᠨ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢᠨ ᠲᠤᠰᠬᠠᠶ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ ᠠᠵᠤ ᠠᠬᠤᠶᠢᠯᠠᠯ ᠤᠨ | ᠣᠷᠴᠢᠨ ᠲᠣᠭᠤᠷᠢᠨ ᠢ ᠨᠦᠯᠦᠬᠡᠯᠡᠬᠦ ᠪᠠᠶᠢᠳᠠᠯ ᠤᠨ ᠦᠨᠡᠯᠡᠯᠳᠠ ᠶᠢᠨ ᠭᠠᠷᠳᠠᠮ ᠭᠦᠶᠴᠡᠳᠬᠡᠬᠦ᠂ ᠪᠣᠬᠢᠷᠲᠤᠯ ᠡᠳ᠋ ᠢ | ᠪᠠᠷᠢᠮᠵᠢᠶ᠎ᠠ ᠳᠤ ᠬᠦᠷᠬᠡᠨ ᠭᠠᠳᠠᠭᠰᠢᠯᠠᠭᠤᠯᠬᠤ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠵᠠᠬᠢᠳᠠᠯ | ᠰᠤᠷᠪᠤᠯᠵᠢᠯᠠᠯ ᠤᠨ ᠵᠠᠮ ᠰᠤᠪᠠᠭ ᠢ ᠢᠮᠠᠭᠲᠠ ᠰᠠᠭᠠᠳ ᠥᠬᠡᠶ ᠨᠡᠪᠲᠡᠷᠡᠭᠦᠯᠪᠠ᠃ ᠡᠨᠡ ᠵᠢᠯ ᠠᠴᠠ ᠨᠠᠭᠠᠰᠢ᠂ ᠪᠥᠬᠦ | ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠯ ᠭᠤᠮᠤᠳᠠᠯ ᠲᠤᠭᠠᠴᠢᠯᠳᠠ ᠢᠯᠡᠴᠢᠯᠡᠨ | ᠵᠠᠭᠠᠯᠳᠤᠯᠭ᠎ᠠ ᠶᠢᠨ ᠬᠠᠮᠢᠶᠠᠷᠤᠯᠲᠠ ᠶᠢᠨ ᠲᠠᠪᠴᠠᠩ ᠨᠢ 16 ᠬᠤᠪᠢ ᠵᠠᠬᠢᠳᠠᠯ ᠰᠤᠷᠪᠤᠯᠵᠢᠯᠠᠯ ᠭᠤᠮᠤᠳᠠᠯ | ᠲᠤᠭᠠᠴᠢᠯᠳᠠ ᠶᠢ ᠭᠥᠯᠢᠶᠡᠨ ᠠᠪᠴᠤ ᠰᠢᠶᠳᠪᠦᠷᠢᠯᠡᠨ᠂ ᠨᠢᠭᠡᠨᠲᠡ 10 ᠬᠤᠪᠢ ᠶᠢ ᠨᠢ ᠰᠢᠶᠳᠪᠦᠷᠢᠯᠡᠨ ᠳᠠᠭᠤᠰᠬᠠᠵᠤ᠂ | 6 ᠬᠤᠪᠢ ᠶᠢ ᠨᠢ ᠰᠢᠶᠳᠪᠦᠷᠢᠯᠡᠵᠤ ᠪᠠᠶᠢᠨ᠎ᠠ︔ ᠬᠥᠨᠳᠡᠯᠡᠨ ᠲᠣᠭᠤᠷᠢᠭ ᠤᠨ ︽12345︾ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠠᠬᠢᠳᠠᠯ ᠰᠤᠷᠪᠤᠯᠵᠢᠯᠠᠯ ᠭᠤᠮᠤᠳᠠᠯ ᠲᠤᠭᠠᠴᠢᠯᠳᠠ ᠶᠢ 332 ᠬᠤᠪᠢ | ᠭᠥᠯᠢᠶᠡᠨ ᠠᠪᠴᠤ ᠰᠢᠶᠳᠪᠦᠷᠢᠯᠡᠨ᠂ ᠨᠢᠭᠡᠨᠲᠡ 324 ᠬᠤᠪᠢ ᠶᠢ ᠨᠢ ᠰᠢᠶᠳᠪᠦᠷᠢᠯᠡᠨ ᠳᠠᠭᠤᠰᠬᠠᠵᠤ᠂ 8 | ᠬᠤᠪᠢ ᠶᠢ ᠨᠢ ᠰᠢᠶᠳᠪᠦᠷᠢᠯᠡᠵᠤ ᠪᠠᠶᠢᠨ᠎ᠠ᠃ ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ | ᠠᠳᠬᠤᠪᠠ᠃ ᠲᠥᠪ᠂ ᠮᠤᠵᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠭᠤᠷᠪᠠᠨ ᠵᠦᠶᠯ ᠤᠨ ᠨᠠᠷᠢᠨ ᠲᠡᠩᠰᠠ ︵ᠡᠭᠦᠷᠭᠡ ᠶᠢᠨ ᠨᠠᠷᠢᠨ | ᠲᠠᠩᠰᠠ᠂ ᠪᠠᠶᠢᠴᠠᠭᠠᠯᠲᠠ ᠶᠢᠨ ᠨᠠᠷᠢᠨ ᠲᠠᠩᠰᠠ᠂ ᠰᠢᠯᠭᠠᠨ ᠬᠢᠨᠠᠬᠤ ᠨᠠᠷᠢᠨ ᠲᠠᠩᠰᠠ︶ ᠶᠢ ᠪᠠᠶᠢᠭᠤᠯᠤᠨ᠂ ︽ᠲᠣᠮᠣ | ᠳ᠋ᠠᠶᠢᠲ᠋ᠠ + ᠡᠭᠦᠯᠡᠨ ᠪᠤᠳᠤᠯᠲᠠ + ᠪᠠᠷᠠᠭᠠᠨ ᠤ ᠰᠦᠯᠵᠢᠶ᠎ᠡ︾ ᠶᠢᠨ ᠨᠠᠷᠢᠯᠢᠭ ᠪᠤᠳᠠᠳᠠᠢ ᠬᠢᠨᠠᠨ ᠰᠢᠨᠵᠢᠵᠦ ᠬᠢᠨᠠᠨ | ᠬᠠᠮᠢᠶᠠᠷᠬᠤ ᠲᠠᠪᠴᠠᠩ ᠢ ᠪᠠᠶᠢᠭᠤᠯᠵᠤ᠂ ︽ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ | ᠰᠠᠭᠤᠭᠠᠯᠢ ᠠᠷᠠᠳ ᠤᠨ ᠲᠤᠭᠤᠷᠢᠭ︶︾ ᠭᠤᠷᠪᠠᠨ ᠱᠠᠲᠤᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠲᠤᠤᠷᠵᠢᠭᠤᠯᠤᠬᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠨᠡᠭᠡᠭᠡᠯᠲᠡ ᠶᠢᠨ ᠲᠣᠭᠤᠷᠢᠭ᠂ | ᠪᠠᠯᠭᠠᠰᠤ ᠵᠡᠭᠡᠯᠢ ᠭᠤᠳᠤᠮᠵᠢ᠂ ᠠᠵᠤ ᠠᠬᠤᠶᠢᠯᠠᠯ ᠳᠤ ᠲᠥᠷᠥᠯ ᠲᠠᠰ ᠬᠤᠪᠢᠶᠠᠨ ᠪᠣᠯᠵᠣᠨ ᠶᠠᠷᠢᠯᠴᠠᠬᠤ ᠪᠠ | ᠬᠠᠮᠢᠶᠠᠷᠤᠨ ᠡᠵᠡᠮᠳᠡᠬᠦ ᠲᠣᠭᠲᠠᠴᠠ ᠶᠢ ᠬᠡᠷᠡᠭᠵᠢᠭᠦᠯᠦᠨ᠂ ᠬᠢᠯᠢ ᠶᠢᠨ ᠳᠣᠲᠣᠷᠠᠬᠢ ᠭᠤᠤᠯ ᠮᠥᠷᠡᠨ ᠤ ᠤᠰᠤᠨ ᠤ | ᠴᠢᠨᠠᠷ ᠢ ᠴᠠᠭ ᠲᠤᠬᠠᠶ ᠳᠤᠨᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠪᠠ᠃ ︵ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ |