ᠬᠥᠨᠳᠡᠯᠡᠨ ᠲᠣᠭᠤᠷᠢᠭ ︽ᠬᠠᠬᠢᠷ ᠡᠪᠦᠯ ᠬᠠᠶᠢᠷ᠎ᠠ ᠲᠤᠯᠠᠭᠠᠨ ᠢ ᠬᠦᠷᠭᠡᠬᠦ︾ ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
    ᠨᠢᠭᠡ ᠳᠤ᠂ ᠠᠮᠢᠳᠤᠷᠠᠯ ᠳᠠᠭᠠᠨ ᠵᠥᠪ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ᠂ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠬᠦᠴᠢᠷᠳᠡᠯᠲᠡᠢ ᠤᠯᠠᠨ ᠲᠦᠮᠡᠨ ᠳᠤ ᠬᠥᠪᠥᠩ ᠬᠤᠪᠴᠠᠰᠤ᠂ ᠬᠥᠪᠥᠩ ᠥᠮᠥᠳᠥ᠂ ᠬᠥᠪᠥᠩ ᠬᠥᠨᠵᠢᠯᠡ᠂ ᠤᠤᠭᠤᠬᠤ ᠤᠰᠤ ᠵᠡᠷᠭᠡ 20 ᠭᠠᠷᠤᠢ ᠬᠤᠪᠢ ᠡᠳ᠋ ᠪᠣᠳᠠᠰ ᠲᠠᠷᠬᠠᠭᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ 20 ᠭᠠᠷᠤᠢ ᠬᠥᠮᠦᠨ ᠳᠤ ᠠᠰᠢᠭ    ᠬᠦᠷᠲᠡᠭᠡᠪᠡ᠃ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠬᠦᠢᠲᠡᠨ ᠤᠷᠤᠰᠬᠠᠯ᠂ ᠪᠣᠷᠣᠭᠠᠨ ᠴᠠᠰᠤ ᠮᠥᠰᠥᠲᠦᠯ ᠵᠡᠷᠭᠡ ᠬᠠᠴᠢᠨ ᠠᠭᠤᠷ ᠠᠮᠢᠰᠬᠤᠯ ᠢᠯᠡᠷᠡᠬᠦ ᠦᠶ᠎ᠠ ᠳᠤ᠂ ᠮᠠᠰᠢᠨ ᠲᠡᠷᠭᠡᠨ ᠤ ᠥᠷᠲᠡᠭᠡ᠂ ᠬᠥᠭᠦᠷᠭᠡᠨ ᠬᠦᠨᠳᠡᠢ᠂ ᠬᠠᠶᠠᠭᠳᠠᠮᠠᠯ ᠭᠡᠷ ᠪᠠᠶᠢᠰᠢᠩ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠵᠡᠷᠭᠡ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠤᠷᠤᠩᠨᠠᠵᠤ ᠰᠠᠭᠤᠬᠤ ᠭᠠᠵᠠᠷ ᠲᠤ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠪᠠ᠃ ᠬᠤᠶᠠᠷ ᠲᠤ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠪᠠᠯᠭᠠᠰᠤ᠂ ᠲᠣᠰᠬᠤᠨ ᠬᠠᠮᠲᠤᠷᠠᠨ ᠬᠥᠳᠡᠯᠦᠯᠴᠡᠵᠦ ᠠᠪᠤᠷᠠᠨ ᠲᠤᠰᠠᠯᠠᠬᠤ ᠦᠶᠯᠡᠴᠢᠯᠡᠭᠡ ᠶᠢ ᠴᠢᠩᠭᠠᠳᠬᠠᠨ᠂ 1 ᠲᠦᠷ ᠴᠠᠭ ᠤᠨ ᠠᠪᠤᠷᠠᠨ ᠲᠤᠰᠠᠯᠠᠬᠤ ᠴᠡᠭ ᠢ ᠪᠠᠶᠢᠭᠤᠯᠵᠤ᠂ ᠭᠤᠤᠯᠳᠠᠯᠭ᠎ᠠ ᠲᠠᠢ ᠴᠠᠭ ᠬᠤᠭᠤᠴᠠᠭᠠᠨ   ᠳᠠᠬᠢ  ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠲᠤ ᠬᠠᠮᠲᠤᠷᠠᠨ ᠲᠣᠭᠤᠷᠢᠨ ᠪᠠᠶᠢᠴᠠᠭᠠᠬᠤ ᠶᠢ ᠦᠳᠲᠡᠷ ᠲᠦᠷᠭᠡᠨ ᠥᠷᠨᠢᠭᠦᠯᠵᠦ᠂ ᠬᠦᠯᠢᠴᠡᠩᠭᠦᠶ ᠪᠠᠷ ᠢᠳᠬᠠᠨ ᠰᠠᠨᠠᠭᠤᠯᠵᠤ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ ᠬᠥᠲᠥᠯᠥᠨ ᠵᠢᠯᠣᠭᠤᠳᠴᠤ ᠠᠪᠤᠷᠠᠨ ᠲᠤᠰᠠᠯᠠᠬᠤ ᠥᠷᠲᠡᠭᠡ ᠳᠤ ᠰᠠᠭᠤᠯᠭᠠᠬᠰᠠᠨ ᠪᠤᠶᠤ 42 ᠬᠥᠮᠦᠨ ᠳᠤ ᠲᠦᠷ ᠴᠠᠭ ᠤᠨ ᠠᠪᠤᠷᠠᠨ ᠲᠤᠰᠠᠯᠠᠬᠤ ᠦᠶᠯᠡᠴᠢᠯᠡᠭᠡ ᠬᠠᠩᠭᠠᠪᠠ᠃ ᠡᠭᠦᠨ ᠤ ᠬᠠᠮᠲᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠰᠥᠨᠢ ᠶᠢᠨ ᠵᠢᠵᠢᠬᠦᠷᠯᠡᠭᠴᠢ ᠪᠣᠯᠤᠨ ᠠᠮᠤᠷ ᠢ ᠬᠠᠮᠠᠭᠠᠯᠠᠬᠤ ᠬᠥᠮᠦᠰ ᠲᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠲᠡᠳᠡᠨ ᠢ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠰᠦᠪᠡᠭᠴᠢ ᠬᠠᠩᠭᠠᠬᠤ ᠶᠢ ᠵᠣᠷᠢᠭᠵᠢᠭᠤᠯᠵᠤ᠂ ᠬᠤᠲᠠ ᠶᠢᠨ ᠠᠷᠠᠳ ᠤᠨ ᠠᠪᠤᠷᠠᠨ ᠲᠤᠰᠠᠯᠠᠬᠤ ᠠᠵᠢᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠠ︔ ᠪᠦᠬᠦᠯᠢ ᠡᠳᠦᠷ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠪᠤᠷᠠᠨ ᠲᠤᠰᠠᠯᠠᠬᠤ ᠦᠶᠯᠡᠴᠢᠯᠡᠭᠡᠨ ᠤ ᠬᠠᠯᠠᠮᠰᠢᠯ ᠤᠲᠠᠰᠤ ᠶᠢ 24 ᠴᠠᠭ ᠰᠠᠭᠠᠳ ᠥᠬᠡᠶ ᠨᠡᠪᠲᠡᠷᠡᠭᠦᠯᠵᠦ᠂ ᠲᠤᠰᠠᠯᠠᠮᠵᠢ ᠭᠤᠶᠤᠴᠢᠯᠠᠬᠰᠠᠳ ᠲᠤ ᠴᠠᠭ ᠲᠤᠬᠠᠶ ᠳᠤᠨᠢ ᠬᠠᠷᠢᠭᠤ ᠥᠭᠴᠦ᠂ ︽ᠨᠢᠭᠡ ᠶᠢ ᠢᠯᠡᠷᠡᠭᠦᠯᠪᠡᠯ ᠨᠢᠭᠡ ᠶᠢ ᠠᠪᠤᠷᠠᠨ ᠲᠤᠰᠠᠯᠠᠵᠤ᠂  ᠨᠢᠬᠡ ᠭᠠᠵᠠᠷ  ᠤᠷᠤᠨ ᠢ ᠲᠤᠯᠠᠭᠠᠴᠠᠭᠤᠯᠬᠤ︾   ᠶᠢ ᠪᠡᠶᠡᠯᠡᠬᠦᠯᠪᠡ᠃ ︵ᠠᠷᠠᠳ ᠤᠨ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号