ᠡᠨᠡ ᠵᠢᠯ ᠠᠴᠠ ᠨᠠᠭᠠᠰᠢ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠡᠵᠡᠩᠨᠡᠯᠲᠡ᠂ ᠦᠶᠯᠡᠳᠪᠦᠷᠢᠯᠡᠵᠤ ᠰᠠᠪᠠᠯᠠᠬᠤ᠂ | ᠳᠠᠮᠵᠢᠭᠤᠯᠤᠨ ᠬᠦᠷᠭᠡᠬᠦ ᠵᠡᠷᠭᠡ ᠡᠯ᠎ᠡ ᠭᠤᠭᠴᠣᠭᠠᠨ ᠤ ᠲᠣᠭᠤᠷᠢᠨ ᠳᠤ᠂ ︽ᠲᠤᠶᠢᠯᠪᠤᠷᠢᠳᠠᠢ ᠪᠠᠶᠢᠴᠠᠭᠠᠬᠤ | ᠬᠡᠯᠪᠡᠷᠢ︾᠂ ︽ᠪᠦᠬᠦᠨ ᠢ ᠪᠦᠷᠬᠦᠬᠦᠯᠬᠦ︾ ᠮᠠᠶ᠋ᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ | ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ᠃ ᠨᠢᠭᠡ ᠳᠤ᠂ ᠬᠡᠯᠬᠢᠶ᠎ᠡ ᠤᠨ ᠬᠠᠮᠢᠶᠠᠷᠤᠯᠲᠠ ᠶᠢ | ᠲᠡᠭᠦᠯᠳᠡᠷᠵᠢᠭᠦᠯᠪᠠ᠃ ᠨᠢᠭᠡᠳᠦᠯᠲᠡᠶ ᠲᠣᠬᠢᠷᠠᠭᠤᠯᠤᠨ ᠬᠦᠷᠭᠡᠬᠦ ᠶᠢᠨ ᠬᠠᠮᠲᠤ ᠰᠦᠶᠳᠬᠡᠯ ᠬᠤᠷᠢᠶᠠᠬᠤ ᠦᠭᠡᠶ ᠪᠠᠷ | ᠡᠷᠦᠬᠡ ᠳᠤ ᠣᠷᠣᠵᠤ ᠠᠶᠤᠯᠬᠦᠢ ᠶᠢᠨ ᠪᠠᠶᠢᠴᠠᠭᠠᠯᠲᠠ ᠪᠣᠯᠤᠨ ᠠᠶᠤᠯᠬᠦᠢ ᠪᠠᠷ ᠬᠡᠢ ᠬᠡᠷᠡᠭᠯᠡᠬᠦ ᠶᠢ ᠵᠢᠯᠣᠭᠤᠳᠬᠤ | ᠠᠵᠢᠯ ᠢ ᠥᠷᠨᠢᠭᠦᠯᠪᠠ᠃ 11 ᠰᠠᠷ᠎ᠠ ᠪᠣᠯᠲᠠᠯ᠎ᠠ᠂ ᠨᠢᠭᠡᠨᠲᠡ 965 ᠡᠷᠦᠬᠡ ᠶᠢᠨ ᠦᠪᠡᠷ ᠲᠡᠭᠡᠨ ᠪᠡᠯᠡᠳᠭᠡᠭᠰᠡᠨ ᠬᠡᠢ | ᠰᠠᠪᠠᠯᠠᠬᠤ ᠯᠣᠩᠬᠤ ᠶᠢ ᠰᠣᠯᠢᠵᠤ ᠦᠭᠬᠦᠨ᠂ 2400 ᠭᠠᠷᠤᠶ ᠪᠣᠯᠣᠳ ᠯᠣᠩᠬᠤ ᠶᠢ ᠰᠣᠯᠢᠵᠤ᠂ ᠡᠭᠦᠨ ᠤ ᠳᠣᠲᠣᠷ᠎ᠠ | 2400 ᠭᠠᠷᠤᠶ ᠬᠠᠶᠠᠭᠳᠠᠮᠠᠯ ᠯᠣᠩᠬᠤ ᠶᠢ ᠡᠭᠡᠭᠦᠯᠦᠨ ᠬᠤᠷᠢᠶᠠᠵᠤ ᠰᠢᠶᠳᠪᠦᠷᠢᠯᠡᠭᠰᠡᠨ ᠪᠠᠶᠢᠨ᠎ᠠ᠃ ᠬᠤᠶᠠᠷ ᠲᠤ᠂ | ᠥᠭᠡᠷᠡᠴᠢᠯᠡᠡ ᠪᠠᠶᠢᠭᠤᠯᠬᠤ ᠠᠵᠢᠯ ᠢ ᠭᠦᠨᠵᠡᠭᠡᠶᠢᠷᠡᠭᠦᠯᠪᠠ᠃ ᠡᠯ᠎ᠡ ᠵᠡᠭᠡᠯᠢ ᠭᠤᠳᠤᠮᠵᠢ ᠪᠠᠯᠭᠠᠰᠤ ᠶᠢ ᠱᠠᠯᠠᠪᠳᠠᠭᠤᠯᠵᠤ | ᠰᠠᠭᠤᠭᠠᠯᠢ ᠠᠷᠠᠳ ᠤᠨ ᠬᠡᠷᠡᠭᠯᠡᠭᠡᠨ ᠤ ᠪᠤᠰᠤ ᠬᠡᠢ ᠬᠡᠷᠡᠭᠯᠡᠬᠦ ᠲᠠᠯᠠᠪᠤᠷ ᠭᠠᠵᠠᠷ ᠤᠨ ︽ᠯᠤᠩᠬᠤ ᠶᠢ ᠬᠤᠭᠤᠯᠠᠶ ᠪᠣᠯᠭᠠᠨ | ᠥᠭᠡᠷᠡᠴᠢᠯᠡᠬᠦ︾᠂ ︽ᠬᠡᠢ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ ᠠᠬᠢᠭᠤᠯᠬᠤ ᠠᠵᠢᠯ ᠢ ᠲᠦᠷᠭᠡᠳᠬᠡᠪᠠ᠃ | ᠣᠳᠣᠬᠠᠨ ᠳᠤ ᠨᠡᠶᠢᠲᠡ 174 ᠡᠷᠦᠬᠡ ᠳᠤ ᠦᠬᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ ᠡᠭᠦᠨ ᠳᠤ ᠢᠳᠡᠭᠡᠨ | ᠤᠮᠳᠠᠭᠠᠨ ᠤ ᠲᠠᠯᠠᠪᠤᠷ ᠭᠠᠵᠠᠷ ᠤᠨ 149 ᠡᠷᠦᠬᠡ᠂ ᠣᠷᠣᠨ ᠰᠠᠭᠤᠴᠠ ᠶᠢᠨ ᠪᠤᠰᠤ ᠪᠤᠰᠤᠳ ᠲᠠᠯᠠᠪᠤᠷ ᠭᠠᠵᠠᠷ 25 | ᠡᠷᠦᠬᠡ ᠪᠠᠭᠳᠠᠵᠤ᠂ ᠣᠨ ᠤ ᠬᠠᠷᠠᠯᠲᠠ ᠪᠠᠨ 200% ᠪᠠᠷ ᠪᠡᠶᠡᠯᠡᠭᠦᠯᠪᠡ᠃ ᠭᠤᠷᠪᠠ ᠳᠤ᠂ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠪᠡ᠃ ᠬᠠᠦᠯᠢ ᠪᠤᠰᠤ ᠪᠠᠷ ᠬᠡᠢ ᠡᠵᠡᠩᠨᠡᠬᠦ ᠠᠵᠢᠯᠯᠠᠭ᠎ᠠ ᠳᠤ ᠬᠠᠮᠲᠤ ᠪᠠᠷ ᠴᠣᠬᠢᠯᠲᠠ ᠥᠭᠬᠦ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠦᠯᠢ ᠪᠠᠷ ᠪᠠᠷ ᠬᠡᠢ ᠬᠠᠳᠠᠭᠠᠠᠯᠬᠤ᠂ ᠬᠠᠤᠯᠢ ᠪᠤᠰᠤ | ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠡᠵᠡᠩᠨᠡᠵᠤ ᠪᠠᠶᠢᠬᠰᠠᠨ 5 ᠬᠡᠷᠡᠭ ᠢ ᠪᠠᠶᠢᠴᠠᠭᠠᠨ ᠰᠢᠢᠳᠪᠦᠷᠢᠯᠡᠵᠤ᠂ | 101 ᠪᠣᠯᠣᠳ ᠯᠣᠩᠬᠤ ᠶᠢ ᠠᠮᠤᠷ ᠲᠦᠪᠰᠢᠨ ᠢᠶᠠᠷ ᠰᠢᠯᠵᠢᠭᠦᠯᠵᠦ᠂ 3 ᠬᠥᠮᠦᠨ ᠢ ᠬᠠᠤᠯᠢ ᠶᠣᠰᠣᠭᠠᠷ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃ ᠳᠥᠷᠪᠡ ᠳᠤ᠂ | ᠠᠰᠠᠭᠤᠳᠠᠯ ᠲᠠᠢ ᠲᠤᠨᠤᠭ ᠲᠥᠬᠦᠭᠡᠷᠦᠮᠵᠢ ᠶᠢ ᠴᠡᠭᠴᠡᠯᠡᠨ ᠵᠠᠰᠠᠪᠠ᠃ 13 ᠰᠢᠲᠠᠮᠠᠬᠠᠶ ᠬᠡᠶ ᠶᠢᠨ ᠲᠠᠯᠠᠪᠠᠶ ᠥᠷᠲᠡᠭᠡ᠂ | ᠬᠦᠷᠢᠶ᠎ᠡ ᠬᠦᠷᠢᠶ᠎ᠡ ᠬᠠᠰᠢᠶ᠎ᠠ ᠶᠢᠨ 2490 ᠭᠠᠷᠤᠶ ᠺᠢᠯᠣᠮᠧᠲᠷ ᠰᠢᠳᠠᠮᠠᠬᠠᠢ ᠬᠡᠢ ᠲᠠᠮᠵᠢᠭᠤᠯᠬᠤ ᠬᠤᠭᠤᠯᠠᠶ᠂ | 1900 ᠭᠠᠷᠤᠶ ᠺᠢᠯᠣᠮᠧᠲᠷ ᠤᠨ ᠪᠣᠰᠤᠭ᠎ᠠ ᠬᠤᠭᠤᠯᠠᠢ ᠳᠤ ᠪᠠᠶᠢᠴᠠᠭᠠᠯᠳᠠ ᠬᠢᠵᠤ᠂ ᠰᠢᠳᠠᠮᠠᠬᠠᠢ ᠬᠡᠢ ᠬᠡᠷᠡᠭᠯᠡᠵᠤ | ᠪᠠᠶᠢᠭ᠎ᠠ 26 ᠲᠦᠮᠡᠨ ᠡᠷᠦᠬᠡ ᠳᠤ ᠲᠤᠶᠢᠯᠪᠤᠷᠢᠳᠠᠢ᠂ ᠪᠦᠬᠦᠨ ᠢ ᠬᠠᠮᠤᠷᠤᠭᠰᠠᠨ ᠪᠠᠶᠢᠴᠠᠭᠠᠯᠲᠠ ᠬᠢᠵᠦ᠂ ᠬᠦᠷᠢᠶ᠎ᠡ | ᠬᠠᠰᠢᠶ᠎ᠡ ᠶᠢᠨ ᠬᠡᠢ ᠲᠠᠮᠵᠢᠭᠤᠯᠬᠤ ᠬᠤᠭᠤᠯᠠᠶ ᠶᠢᠨ ᠪᠢᠲᠡᠭᠦᠮᠵᠢᠯᠡᠭᠰᠡᠨ ᠣᠷᠣᠨ ᠵᠠᠶ ᠶᠢᠨ 35 ᠭᠠᠵᠠᠷ ᠲᠠᠬᠢ ᠬᠦᠨᠳᠦ | ᠶᠡᠭᠡ ᠬᠡᠮ ᠰᠤᠭᠤᠭ ᠢ ᠪᠠᠶᠢᠴᠠᠭᠠᠨ ᠢᠯᠡᠷᠡᠭᠦᠯᠵᠦ᠂ ᠣᠳᠣᠬᠠᠨ ᠳᠤ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃ | ︵ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠣᠪᠴᠢᠶ᠎ᠠ︶ |