ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ | ᠪᠠᠲᠤᠯᠠᠬᠤ ᠶᠢᠨ ᠲᠦᠯᠦᠬᠡ᠂ ︽ᠳᠥᠷᠪᠡ ᠦᠭᠡᠶ ᠬᠤᠶᠠᠷ ᠲᠤ ᠰᠢᠭᠤᠳ ᠬᠦᠷᠬᠦ︾ ᠠᠷᠭ᠎ᠠ ᠬᠡᠯᠪᠡᠷᠢ ᠪᠠᠷ ᠳᠠᠮᠵᠢᠨ ᠬᠠᠷᠢᠶ᠎ᠠ | ᠣᠷᠣᠨ ᠤ ᠰᠤᠷᠭᠠᠭᠤᠯᠢ ᠶᠢᠨ ᠬᠤᠭᠤᠯᠠᠨ ᠭᠡᠷ ᠲᠤ ᠭᠦᠨᠵᠡᠭᠡᠶᠢᠷᠡᠵᠦ᠂ ᠬᠤᠭᠤᠯᠠᠨ ᠬᠡᠷ ᠲᠤ ᠠᠵᠢᠯᠯᠠᠭᠰᠠᠳ ᠤᠨ ᠡᠷᠡᠭᠦᠯ | ᠴᠢᠭᠢᠷᠠᠭ ᠤᠨ ᠬᠠᠮᠢᠶᠠᠷᠤᠯᠲᠠ᠂ ᠲᠦᠭᠦᠬᠡᠶ ᠮᠠᠲ᠋ᠧᠷᠢᠶᠠᠯ ᠢ ᠣᠷᠣᠭᠤᠯᠬᠤ ᠦᠶ᠎ᠡ ᠳᠤ ᠪᠠᠶᠢᠴᠠᠭᠠᠨ ᠰᠢᠯᠭᠠᠬᠤ᠂ ᠡᠳ᠋ᠰᠢᠬᠦᠯᠦᠨ | ᠦᠢᠯᠡᠳᠬᠦ᠂ ᠢᠳᠡᠭᠡᠨ ᠤ ᠦᠯᠢᠬᠡᠷ ᠡᠳ᠋ ᠢ ᠦᠯᠡᠳᠡᠭᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ | ᠢᠳᠡᠭᠡᠨ ᠢ ᠬᠠᠳᠠᠭᠠᠯᠠᠬᠤ ᠵᠢᠴᠢ ᠭᠤᠷᠪᠠ ᠶᠢ ᠰᠡᠷᠭᠡᠶᠢᠯᠡᠬᠦ ᠲᠤᠨᠤᠭ ᠲᠦᠬᠦᠭᠡᠷᠦᠮᠵᠢ ᠶᠢ ᠲᠣᠬᠢᠷᠠᠭᠤᠯᠬᠤ ᠵᠡᠷᠭᠡ ᠲᠠᠯ᠎ᠠ ᠳᠤ | ᠭᠤᠣᠯᠳᠠᠯᠭ᠎ᠠ ᠲᠠᠢ ᠴᠢᠭᠯᠡᠭᠦᠯᠦᠨ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠰᠤᠷᠭᠠᠭᠤᠯᠢ ᠶᠢ ᠱᠠᠯᠠᠪᠳᠠᠭᠤᠯᠵᠤ | ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠠ᠃ ︽ᠡᠳᠦᠷ ᠪᠦᠷᠢ ᠬᠠᠮᠢᠶᠠᠷᠤᠨ ᠡᠵᠡᠮᠳᠡᠬᠦ᠂ | ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ | ᠰᠤᠷᠭᠠᠭᠤᠯᠢ ᠶᠢᠨ ᠬᠦᠷᠢᠶ᠎ᠡ ᠶᠢᠨ ᠡᠷᠭᠢᠨ ᠲᠣᠭᠤᠷᠢᠨ ᠤ ᠢᠳᠡᠭᠡᠨ ᠡᠵᠡᠩᠨᠡᠬᠦ ᠨᠢᠭᠡᠴᠢ ᠳᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠥᠷᠨᠢᠭᠦᠯᠦᠨ᠂ ︽ᠭᠤᠷᠪᠠ ᠦᠭᠡᠶ︾ ᠢᠳᠡᠭᠡᠨ ᠪᠣᠷᠣᠯᠠᠭᠤᠯᠬᠤ᠂ ᠬᠡᠷᠡᠭᠯᠡᠵᠤ ᠪᠤᠯᠬᠤ ᠬᠤᠭᠤᠴᠠᠭ᠎ᠠ ᠨᠢ | ᠬᠡᠲᠦᠷᠡᠭᠰᠡᠨ ᠢᠳᠡᠭᠡᠨ᠂ ᠴᠢᠨᠠᠷ ᠬᠤᠪᠢᠷᠬᠠᠰᠠᠨ ᠢᠳᠡᠭᠡᠨ ᠢ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠡᠵᠡᠩᠨᠡᠬᠦ ᠡᠮᠬᠢ ᠳᠢᠭᠯᠢᠮ ᠢ ᠦᠨᠡᠨᠬᠦ ᠵᠢᠷᠤᠮᠵᠢᠭᠤᠯᠪᠠ᠃ | ᠣᠳᠣᠬᠠᠨ ᠪᠣᠯᠲᠠᠯ᠎ᠠ᠂ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ ᠲᠣᠭᠤᠷᠢᠨ ᠤ ᠨᠡᠶᠢᠲᠡ 508 ᠡᠵᠡᠩᠨᠡᠯᠲᠡ ᠶᠢᠨ | ᠨᠢᠭᠡᠴᠢ ᠶᠢ ᠪᠠᠶᠢᠴᠠᠭᠠᠵᠤ᠂ 40 ᠠᠰᠠᠭᠤᠳᠠᠯ ᠢ ᠢᠯᠡᠷᠡᠭᠦᠯᠵᠦ᠂ ᠣᠳᠣᠬᠠᠨ ᠳᠤ ᠪᠦᠬᠦᠨ ᠢ ᠴᠡᠭᠴᠡᠯᠡᠨ ᠰᠠᠶᠢᠵᠢᠷᠠᠭᠤᠯᠵᠤ | ᠳᠠᠭᠤᠰᠬᠠᠪᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠦᠯᠳᠠ ᠶᠢᠨ | ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ | ᠬᠠᠤᠯᠢ ᠲᠣᠭᠲᠠᠭᠠᠯ ᠤᠨ ᠮᠡᠳᠡᠯᠭᠡ ᠶᠢ ᠦᠷᠭᠦᠯᠵᠢᠯᠡᠨ ᠭᠦᠨᠵᠡᠭᠡᠶ ᠤᠬᠠᠭᠤᠯᠤᠨ ᠲᠦᠭᠡᠮᠡᠯᠵᠢᠭᠦᠯᠵᠦ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤᠨᠢ ᠪᠠᠶᠢᠴᠠᠭᠠᠨ ᠠᠷᠢᠯᠭᠠᠵᠤ᠂ | ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ | ᠰᠠᠬᠢᠨ ᠬᠠᠮᠠᠭᠠᠯᠠᠪᠠ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶ | |