ᠬᠥᠨᠳᠡᠯᠡᠨ ᠲᠣᠭᠤᠷᠢᠭ ᠪᠦᠬᠦ ᠲᠤᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
     12 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠶ ᠵᠠᠨ ᠵᠢᠶᠠᠩ ᠪᠥᠬᠦ ᠲᠤᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠦᠨᠳᠡᠯᠡᠨ ᠭᠤᠤᠯ ᠪᠠᠯᠭᠠᠰᠤ᠂ ᠪᠤᠷᠬᠠᠨᠲᠤ ᠪᠠᠯᠭᠠᠰᠤ᠂ ᠺᠦᠨᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠣᠪᠣᠷ ᠢᠶᠠᠨ ᠢᠯᠡᠳᠬᠡᠬᠦ ᠦᠭᠡ ᠬᠡᠯᠡᠵᠦ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠬᠤ᠂ ᠶᠡᠷᠦᠩᠬᠡᠶ ᠳᠤᠨᠢ ᠬᠠᠷᠢᠭᠤᠴᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠬᠤᠭ ᠨᠣᠪᠰᠢ᠂ ᠰᠢᠭᠠᠷᠤ ᠰᠢᠷᠣᠶ ᠶᠢ ᠲᠡᠭᠡᠭᠡᠪᠦᠷᠢᠯᠡᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠠᠷ᠎ᠠ ᠶᠢᠨ ᠴᠠᠭ ᠢ ᠠᠰᠢᠭᠯᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠮᠠᠭᠤ ᠮᠠᠭᠤᠬᠠᠢ ᠪᠠᠶᠢᠳᠠᠯ ᠢ ᠡᠷᠡᠰ ᠬᠤᠪᠢᠷᠠᠭᠤᠯᠵᠤ᠂ ᠴᠡᠪᠡᠷ᠂ ᠲᠡᠭᠰᠢ᠂ ᠠᠷᠢᠭᠤᠨ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠳᠣᠪᠤᠶᠢᠯᠭᠠᠵᠤ᠂ ᠲᠥᠷᠥᠯ ᠬᠤᠪᠢᠶᠠᠨ ᠰᠢᠶᠳᠪᠦᠷᠢᠯᠡᠬᠦ ᠶᠢ ᠰᠠᠶᠢᠲᠤᠷ ᠬᠢᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠥᠬᠡᠶ ᠥᠷᠨᠢᠭᠦᠯᠵᠦ᠂ ᠠᠰᠠᠭᠤᠳᠠᠯ ᠢ ᠲᠣᠳᠣᠷᠬᠠᠶ ᠰᠢᠶᠳᠪᠦᠷᠢᠯᠡᠵᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠵᠠᠰᠠᠯᠲᠠ᠂ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ ᠤᠯᠠᠮ ᠨᠢᠭᠡ ᠠᠯᠬᠤᠮ ᠲᠤᠳᠤᠷᠬᠠᠢ ᠪᠤᠯᠭᠠᠵᠤ᠂ ᠬᠤᠯᠪᠣᠭᠳᠠᠬᠤ ᠠᠵᠤ ᠠᠬᠤᠶᠢᠯᠠᠯ᠂ ᠡᠵᠡᠩᠨᠡᠯᠲᠡ ᠶᠢᠨ ᠭᠤᠤᠯ ᠴᠣᠭᠴᠠ ᠶᠢ ᠱᠠᠯᠠᠪᠳᠠᠭᠤᠯᠤᠨ ᠵᠢᠷᠤᠮᠵᠢᠯ ᠢ ᠴᠢᠩᠭ᠎ᠠ ᠬᠡᠷᠡᠭᠵᠢᠬᠦᠯᠵᠤ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ᠂ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠡᠷᠬᠡ ᠬᠠᠷᠢᠭᠤᠴᠠᠯᠭ᠎ᠠ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠭ ᠨᠣᠪᠰᠢ ᠣᠪᠣᠭᠠᠯᠠᠨ ᠬᠠᠳᠠᠭᠠᠯᠠᠬᠤ ᠲᠥᠷᠥᠯ ᠵᠦᠶᠯ᠂ ᠬᠡᠪᠴᠢᠶ᠎ᠡ    ᠬᠡᠮᠵᠢᠶ᠎ᠡ᠂ ᠰᠢᠶᠳᠪᠦᠷᠢᠯᠡᠬᠦ ᠠᠷᠭ᠎ᠠ ᠬᠡᠯᠪᠡᠷᠢ ᠶᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠵᠠᠰᠠᠬᠤ ᠠᠵᠢᠯ ᠤᠨ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ︽ᠨᠢᠭᠡ ᠠᠯᠬᠤᠮ ᠤᠷᠢᠳᠴᠢᠯᠠᠨ ᠪᠠᠶᠢᠷᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ︾᠂ ︽ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠪᠠᠷᠢᠯ ᠢ ᠰᠠᠶᠢᠲᠤᠷ ᠬᠡᠷᠡᠭᠯᠡᠨ ᠪᠦᠬᠦ ᠲᠤᠭᠤᠷᠢᠭ ᠤᠨ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠤᠯᠢ ᠪᠤᠰᠤ ᠪᠠᠷ ᠰᠢᠢᠳᠪᠦᠷᠢᠯᠡᠭᠰᠡᠨ ᠠᠰᠠᠭᠤᠳᠠᠯ ᠢ ᠪᠦᠬᠦ ᠶᠠᠪᠤᠴᠠ ᠪᠠᠷ ᠬᠢᠨᠠᠨ ᠬᠠᠮᠢᠶᠠᠷᠴᠤ᠂ ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠭ ᠨᠣᠪᠰᠢ ᠣᠪᠣᠭᠠᠯᠠᠬᠤ ᠲᠠᠯᠠᠪᠠᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠠᠮᠢᠳᠤᠷᠠᠯ ᠤᠨ ᠬᠤᠭ ᠨᠣᠪᠰᠢ  ᠶᠢ ᠬᠠᠶᠠᠬᠤ ᠶᠢ ᠴᠢᠩᠭ᠎ᠠ ᠴᠠᠭᠠᠵᠠᠯᠠᠵᠤ᠂ ᠠᠵᠢᠯᠯᠠᠭᠠᠨ ᠤ ᠬᠠᠮᠢᠶᠠᠷᠤᠯᠲᠠ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠴᠢᠩᠭ᠎ᠠ ᠬᠢᠨᠠᠯᠲᠠ ᠲᠠᠯᠪᠢᠨ ᠬᠠᠮᠢᠶᠠᠷᠴᠤ ᠬᠠᠦᠯᠢ ᠬᠡᠷᠡᠭᠵᠢᠬᠦᠯᠦᠨ᠂ ᠲᠣᠭᠲᠠᠭᠠᠯ ᠠᠴᠠ ᠵᠥᠷᠢᠴᠡᠨ ᠬᠤᠭ ᠨᠣᠪᠰᠢ ᠲᠠᠯᠪᠢᠭᠰᠠᠨ ᠦᠢᠯᠡ ᠠᠵᠢᠯᠯᠠᠭ᠎ᠠ ᠶᠢ ᠴᠢᠩᠭ᠎ᠠ ᠪᠥᠭᠡᠳ ᠬᠦᠨᠳᠦ ᠪᠠᠷ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠮᠡᠳᠡᠬᠦᠯᠦᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠦᠨ᠂ ᠰᠦᠷᠳᠡᠭᠦᠯᠬᠦ ᠦᠶᠯᠡᠳᠦᠯ ᠢ ᠪᠣᠶ ᠪᠣᠯᠭᠠᠬᠤ ᠬᠡᠷᠡᠭᠲᠡᠶ᠃ ᠱᠠᠩᠨᠠᠯ ᠲᠠᠢ ᠢᠯᠡᠴᠢᠯᠡᠨ ᠮᠡᠳᠡᠭᠦᠯᠬᠦ ᠳᠦᠷᠢᠮ ᠢ ᠰᠠᠭᠠᠳ ᠦᠭᠡᠶ ᠨᠡᠪᠲᠡᠷᠡᠭᠦᠯᠵᠦ᠂ ᠨᠡᠶᠢᠭᠡᠮ ᠤᠨ ᠬᠦᠴᠦᠨ ᠢ ᠳᠠᠶᠢᠴᠢᠯᠠᠨ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠶ᠃ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠤᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠳᠠ  ᠶᠢᠨ ᠬᠤᠷᠢᠶ᠎ᠠ ᠶᠢᠨ ᠠᠯᠪᠠᠨ ᠬᠡᠷ ᠨᠢ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ᠂ ᠰᠠᠶᠢᠨ ᠳᠤᠷᠠᠴᠤᠳ ᠢ ᠥᠷᠭᠡᠨ ᠢᠶᠠᠷ ᠳᠠᠶᠢᠴᠢᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠯᠲᠠ ᠳᠤ ᠬᠠᠮᠲᠤᠪᠠᠷ ᠣᠷᠣᠯᠴᠠᠭᠤᠯᠵᠤ᠂ ᠬᠥᠮᠦᠨ ᠪᠦᠬᠦᠨ ᠠᠩᠬᠠᠷᠤᠭᠰᠠᠨ᠂ ᠬᠥᠮᠦᠨ ᠪᠦᠬᠦᠨ ᠳᠡᠮᠵᠢᠭᠰᠡᠨ᠂ ᠬᠥᠮᠦᠨ ᠪᠦᠬᠦᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠠᠵᠢᠯ ᠳᠤ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠬᠥᠮᠦᠨ ᠨᠢᠬᠡᠪᠦᠷᠢ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ᠂ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠳᠬᠤᠮᠠᠯ ᠬᠠᠳᠬᠤᠬᠤ ᠨᠠᠷᠢᠯᠢᠭ ᠤᠪᠤᠷ ᠢᠶᠠᠷ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠬᠤᠢ ᠰᠢᠤᠸᠠᠨ   ᠬᠢᠨᠠᠨ ᠬᠠᠷᠭᠤᠭᠤᠯᠤᠬᠰᠠᠨ ᠨᠢ᠄  ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号