︽ᠬᠠᠨ ᠭᠠᠷᠤᠳᠠᠢ ᠨᠤᠳᠤᠭ ᠪᠤᠴᠠᠬᠤ︾ ᠰᠢᠷᠢᠰ ᠠᠵᠢᠯᠯᠠᠭ᠎ᠠ ᠶᠢᠨ ᠲᠤᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/2/20
   
    2 ᠰᠠᠷ᠎ᠠ ᠶᠢᠨ 19 ᠤ ᠡᠳᠦᠷ᠂ ︽ᠬᠠᠨ ᠭᠠᠷᠤᠳᠠᠢ ᠨᠤᠳᠤᠭ ᠪᠤᠴᠠᠬᠤ︾ ᠰᠢᠷᠢᠰ ᠠᠵᠢᠯᠯᠠᠭ᠎ᠠ ᠪᠤᠭᠤᠲᠤ ᠬᠤᠲᠠ ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ ︵ᠪᠤᠭᠤᠲᠤ ᠶᠢᠨ ᠪᠣᠯᠣᠳ ᠲᠡᠮᠦᠷ ᠤᠨ ᠨᠢᠭᠡᠳᠦᠭᠡᠷ ᠳᠤᠮᠳᠠᠳᠤ ᠰᠤᠷᠭᠠᠭᠤᠯᠢ︶ ᠳᠤ ᠵᠢᠩᠬᠢᠨᠢ ᠪᠠᠷ ᠡᠬᠢᠯᠡᠪᠡ᠃     ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠶᠤᠸᠠᠢ ᠵᠢᠩ ᠹᠠᠩ ᠲᠠᠨᠢᠯᠴᠠᠭᠤᠯᠤᠬᠰᠠᠨ ᠨᠢ᠄ ᠮᠠᠨ ᠤ  ᠲᠤᠭᠤᠷᠢᠭ ︽ᠬᠠᠨ ᠭᠠᠷᠤᠳᠠᠢ ᠨᠤᠳᠤᠭ ᠪᠤᠴᠠᠬᠤ︾ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠤ ᠵᠣᠷᠢᠯᠭ᠎ᠠ ᠪᠣᠯ ᠳᠠᠷᠤᠶ ᠨᠤᠲᠤᠭ ᠤᠰᠤᠨ ᠤ ᠪᠠᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠪᠠ ᠠᠯᠤᠰ ᠬᠡᠲᠦ ᠶᠢᠨ ᠬᠡᠬᠡᠨ ᠰᠠᠷᠠᠭᠤᠯ ᠢᠷᠡᠬᠡᠳᠦᠢ ᠶᠢ ᠭᠠᠳᠠᠨ᠎ᠠ ᠤᠷᠤᠨ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠲᠠᠨᠢᠯᠴᠠᠭᠤᠯᠵᠤ᠂ ᠪᠤᠭᠤᠲᠤ ᠳᠤ ᠨᠤᠲᠤᠭ ᠲᠠᠢ ᠲᠡᠭᠦᠰᠬᠦ ᠰᠤᠷᠤᠭᠴᠢᠳ ᠢ ᠲᠡᠳᠡᠵᠤ ᠨᠤᠲᠤᠭ ᠲᠠᠭᠠᠨ ᠪᠤᠴᠠᠵᠤ ᠠᠵᠢᠯ ᠣᠯᠵᠤ ᠦᠶᠯᠡᠰ ᠪᠤᠰᠬᠠᠵᠤ ᠬᠡᠷ ᠣᠷᠣᠨ ᠢᠶᠠᠨ ᠪᠥᠲᠥᠭᠡᠨ    ᠪᠠᠶᠢᠭᠤᠯᠬᠤ ᠶᠢ ᠵᠤᠷᠢᠬᠵᠢᠭᠤᠯᠬᠤ ᠶᠢᠨ ᠲᠥᠯᠥᠭᠡ ᠶᠤᠮ᠃ ᠲᠤᠭᠤᠷᠢᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠯᠪᠠᠨ ᠬᠡᠷ ︽ᠬᠠᠨ ᠭᠠᠷᠤᠳᠠᠢ ᠨᠤᠳᠤᠭ ᠪᠤᠴᠠᠬᠤ︾ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠠᠯᠢ ᠴᠢᠳᠠᠬᠤ ᠪᠠᠷ ᠨᠥᠯᠥᠭᠡᠯᠡᠨ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠨᠠᠩ ᠣᠯᠠᠨ ᠭᠠᠳᠠᠨ᠎ᠠ ᠤᠷᠤᠨ ᠳᠤ ᠪᠠᠶᠢᠭ᠎ᠠ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ ᠨᠤᠲᠤᠭ ᠤᠰᠤ ᠪᠠᠨ ᠣᠶᠢᠯᠠᠭᠠᠵᠤ᠂ ᠨᠤᠲᠤᠭ ᠤᠰᠤ ᠪᠠᠨ ᠤᠬᠠᠭᠤᠯᠬᠤ ᠪᠠ ᠨᠤᠲᠤᠭ ᠤᠰᠤ ᠪᠠᠨ ᠬᠠᠶᠢᠷᠠᠯᠠᠬᠤ ᠶᠢ ᠬᠥᠲᠥᠯᠥᠨ ᠵᠢᠯᠣᠭᠤᠳᠤᠨ᠎ᠠ᠃ ︽ᠬᠠᠨ ᠭᠠᠷᠤᠳᠠᠢ ᠨᠤᠳᠤᠭ ᠪᠤᠴᠠᠵᠤ︾ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号