ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠪᠥᠬᠦ ᠲᠤᠭᠤᠷᠢᠭ  ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/2/20
    2 ᠰᠠᠷ᠎ᠠ ᠶᠢᠨ 18 ᠤ ᠡᠳᠦᠷ᠂ ᠴᠠᠭᠠᠨ ᠰᠠᠷ᠎ᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢ ᠵᠦᠩ᠂ ᠢᠦᠢ ᠷᠦᠢ ᠴᠢᠩ᠂ ᠵᠠᠩ ᠬᠤᠸᠠ᠂ ᠦ᠋ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠵᠧᠦ ᠬᠠᠢ ᠹᠸᠢ᠂ ᠵᠢᠶᠤᠤ ᠶᠠᠨ ᠯᠦᠩ᠂ ᠵᠤᠤ ᠪᠥᠸᠧ ᠬᠤᠷᠠᠯ ᠳᠤ ᠣᠷᠣᠯᠴᠠᠪᠠ᠃      ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ ᠰᠠᠭᠤᠷᠢ ᠴᠢᠯᠠᠭᠤ ᠮᠥᠨ᠂ ᠪᠢᠳᠡᠨ ᠤ ᠦᠨᠡᠨ ᠬᠦ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠠᠲᠠᠭᠤ ᠲᠤᠯᠭᠠᠭᠤᠷᠢᠯᠠᠯ ᠮᠥᠨ᠃ ᠲᠤᠭᠤᠷᠢᠭ ᠳᠠᠶᠠᠭᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠤᠷᠴᠡ ᠠᠴᠠ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠥᠷᠥᠯ ᠵᠦᠢᠯ ᠢ ᠬᠦᠬᠡᠬᠡᠴᠡᠯᠳᠦᠬᠦ ᠪᠣᠯ ᠳᠠᠷᠤᠶ ᠢᠷᠡᠭᠡᠳᠦᠶ ᠶᠢ ᠲᠦᠯᠦᠪᠵᠢᠬᠦᠯᠵᠦ ᠪᠠᠶᠢᠭ᠎ᠠ ᠶᠠᠪᠤᠳᠠᠯ    ᠮᠥᠨ︾ ᠭᠡᠬᠦ ᠢᠲᠡᠭᠡᠯ ᠪᠠ ᠵᠣᠷᠢᠭ ᠢᠶᠠᠨ ᠪᠠᠲᠤᠳᠬᠠᠵᠤ᠂ ᠲᠥᠷᠥᠯ ᠵᠦᠢᠯ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠪᠣᠳᠠᠲᠠᠶ ᠠᠳᠬᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠢᠵᠦ ᠪᠦᠳᠦᠭᠡᠵᠦ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ᠃ ᠠᠵᠢᠯᠯᠠᠬᠤ ᠡᠷᠴᠢᠮ ᠢᠶᠠᠨ ᠲᠦᠷᠭᠡᠳᠬᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠮᠠᠭᠲᠠ ᠡᠷᠡᠮᠡᠬᠡᠶᠢᠯᠡᠨ ᠤᠷᠤᠭᠰᠢᠯᠠᠬᠤ ᠣᠪᠣᠷ ᠪᠠᠶᠢᠳᠠᠯ ᠢᠶᠠᠷ ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠴᠠᠭ ᠬᠤᠭᠤᠴᠠᠭ᠎ᠠ ᠶᠢᠨ ᠲᠡᠰ ᠳᠠᠷᠠᠭᠠᠯᠠᠯ  ᠢᠶᠠᠷ ᠠᠵᠢᠯ ᠪᠠᠨ ᠠᠬᠢᠭᠤᠯᠬᠤ ᠱᠠᠭᠠᠷᠳᠠᠯᠭ᠎ᠠ ᠶᠣᠰᠣᠭᠠᠷ᠂ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠴᠢᠬᠤᠯᠠ ᠡᠯᠧᠮᠧᠨ᠋ᠲ ᠤᠨ ᠬᠡᠷᠡᠭᠴᠡᠭᠡ ᠪᠣᠯᠤᠨ ᠭᠠᠷᠳᠠᠮ ᠭᠦᠢᠴᠡᠳᠬᠡᠬᠦ ᠶᠠᠪᠤᠴᠠ ᠳᠠᠬᠢ ᠲᠦᠭᠵᠢᠷᠡᠯ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠢᠳᠡᠪᠬᠢᠲᠡᠢ ᠪᠠᠷ ᠵᠣᠯᠭᠠᠭᠤᠯᠤᠨ ᠵᠣᠬᠢᠴᠠᠭᠤᠯᠵᠤ᠂ ᠰᠢᠰᠲ᠋ᠧᠮ ᠤᠨ ᠰᠡᠳᠬᠢᠬᠦᠢ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠬᠦ ᠶᠠᠪᠤᠴᠠ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠭᠠᠷᠭᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠪᠠᠲᠤᠯᠠᠭ᠎ᠠ ᠳᠠᠭᠠᠵᠤ ᠠᠮᠵᠢᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠭᠠᠵᠠᠷ ᠰᠢᠷᠣᠶ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ᠂ ᠪᠠᠯᠠ ᠮᠥᠩᠭᠦ ᠶᠢ ᠪᠠᠲᠤᠯᠠᠬᠤ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃ ︵ᠰᠤᠷᠪᠤᠯᠵᠢᠯᠠᠭᠴᠢ᠄ ᠹᠧᠩ ᠰᠢᠤᠸᠠᠢ ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号