ᠦᠢᠯᠵᠡᠶᠢᠲᠦ ᠡᠳᠦᠷ ᠤᠨ ᠪᠠᠶᠠᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠪᠠᠶᠠᠰᠤᠯ ᠲᠠᠢ ᠬᠦᠷ ᠬᠦᠭᠵᠢᠶᠡᠨ ᠲᠠᠢ | ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠠᠷᠪᠠᠨ | ᠵᠢᠷᠭᠤᠳᠤᠭᠠᠷ ᠬᠤᠭᠤᠴᠠᠭᠠᠨ ᠤ ᠦᠯᠵᠡᠶᠢᠲᠦ ᠡᠳᠦᠷ ᠤᠨ ᠪᠠᠶᠠᠷ ᠤᠨ ᠠᠷᠠᠳ ᠤᠨ ᠤᠷᠠᠨ ᠰᠠᠶᠢᠬᠠᠨ ᠤ ᠲᠣᠭᠯᠠᠯᠲᠠ | ᠭᠠᠷᠭᠠᠬᠤ ᠪᠠᠷ ᠲᠤᠬᠳᠠᠪᠠ᠂ ᠲᠠᠨ ᠨᠡᠷ ᠤᠨ ᠢᠳᠡᠪᠬᠢᠳᠡᠢ ᠣᠷᠣᠯᠴᠠᠬᠤ ᠶᠢ ᠴᠢᠩ ᠰᠡᠳᠬᠢᠯ ᠠᠴᠠ ᠪᠠᠨ ᠤᠷᠢᠵᠤ | ᠪᠠᠶᠢᠨ᠎ᠠ᠃ ᠦᠯᠵᠡᠶᠢᠲᠦ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠵᠦ᠂ ᠵᠤᠯ ᠵᠢᠷᠭᠠᠯᠲᠤ ᠰᠠᠶᠢᠨ ᠰᠠᠶᠢᠬᠠᠨ ᠴᠠᠭ | ᠮᠥᠴᠡ ᠶᠢ ᠬᠠᠮᠲᠤ ᠪᠠᠷ ᠥᠩᠭᠡᠷᠡᠭᠦᠯᠦᠶ᠎ᠡ᠃ | | | ᠨᠢᠭᠡ᠂ ᠠᠵᠢᠯᠯᠠᠭ᠎ᠠ ᠶᠢᠨ ᠪᠣᠳᠠᠲᠠᠶ ᠠᠭᠤᠯᠭ᠎ᠠ | | | ᠠᠵᠢᠯᠯᠠᠭ᠎ᠠ ᠶᠢ ᠦᠷᠨᠢᠬᠦᠯᠬᠦ ᠴᠠᠭ᠄ 2 ᠰᠠᠷ᠎ᠠ ᠶᠢᠨ 23 ᠤ ᠡᠳᠦᠷ ︵ᠴᠠᠭᠠᠨ ᠰᠠᠷ᠎ᠠ ᠶᠢᠨ ᠠᠷᠪᠠᠨ | ᠳᠥᠷᠪᠡᠨ︶ 14᠄ 30 | ᠠᠵᠢᠯᠯᠠᠭ᠎ᠠ ᠶᠢ ᠦᠷᠨᠢᠬᠦᠯᠬᠦ ᠭᠠᠵᠠᠷ᠄ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠡᠭᠦᠳᠡᠨ ᠡᠮᠦᠨ᠎ᠡ᠂ ᠪᠣᠯᠣᠳ ᠲᠡᠮᠦᠷ ᠵᠡᠭᠡᠯᠢ ︵ᠬᠤᠲᠠ ᠶᠢᠨ ᠵᠠᠰᠠᠭ ᠤᠨ ᠵᠡᠭᠦᠨ ᠵᠠᠮ — | ᠬᠤᠲᠠ ᠶᠢᠨ ᠵᠠᠰᠠᠭ ᠤᠨ ᠪᠠᠷᠠᠭᠤᠨ ᠵᠠᠮ ᠤᠨ ᠬᠡᠰᠡᠭ︶ | ᠲᠣᠭᠯᠠᠯᠲᠠ ᠶᠢᠨ ᠡᠩᠨᠡᠭᠡ ᠶᠢᠨ ᠶᠠᠪᠤᠬᠤ ᠵᠠᠮ ᠱᠤᠭᠤᠮ ᠤᠨ ᠲᠣᠬᠢᠷᠠᠭᠤᠯᠤᠯᠲᠠ᠄ ᠲᠤᠰ ᠤᠳᠠᠭᠠᠨ ᠤ ᠵᠡᠭᠡᠯᠢ | ᠭᠤᠳᠤᠮᠵᠢ ᠶᠢᠨ ᠠᠷᠠᠳ ᠤᠨ ᠤᠷᠠᠨ ᠰᠠᠶᠢᠬᠠᠨ ᠤ ᠲᠣᠭᠯᠠᠯᠲᠠ ᠨᠢ ᠶᠠᠪᠤᠵᠤ ᠪᠠᠶᠢᠭᠠᠳ ᠲᠣᠭᠯᠠᠯᠲᠠ ᠭᠠᠷᠭᠠᠬᠤ ᠪᠠ | ᠲᠤᠬᠳᠠᠬᠰᠠᠨ ᠣᠷᠣᠨ ᠪᠠᠶᠢᠷᠢ ᠳᠤ ᠶᠠᠪᠤᠬᠳᠠᠭᠤᠯᠬᠤ ᠬᠡᠯᠪᠡᠷᠢ ︵ᠶᠠᠪᠤᠵᠤ ᠪᠠᠶᠢᠭᠠᠳ ᠲᠤᠬᠯᠠᠬᠤ — ᠲᠤᠬᠳᠠᠬᠰᠠᠨ | ᠤᠷᠤᠨ ᠪᠠᠶᠢᠷᠢ ᠳᠤ ᠲᠤᠬᠯᠠᠬᠤ — ᠶᠠᠪᠤᠵᠤ ᠪᠠᠶᠢᠭᠠᠳ ᠲᠤᠬᠯᠠᠬᠤ︶ ᠪᠠᠷ ᠶᠠᠪᠤᠭᠳᠠᠵᠤ᠂ ᠲᠣᠭᠯᠠᠯᠲᠠ ᠶᠢᠨ | ᠡᠩᠨᠡᠭᠡ ᠨᠢ ᠪᠣᠯᠣᠳ ᠲᠡᠮᠦᠷ ᠵᠡᠭᠡᠯᠢ ᠶᠢᠨ ᠬᠤᠲᠠ ᠶᠢᠨ ᠵᠠᠰᠠᠭ ᠤᠨ ᠵᠡᠭᠦᠨ ᠵᠠᠮ ᠤᠨ ᠬᠡᠰᠡᠭ ᠲᠤ ᠴᠤᠭᠯᠠᠷᠠᠵᠤ᠂ | ᠪᠣᠯᠣᠳ ᠲᠡᠮᠦᠷ ᠵᠡᠭᠡᠯᠢ ᠪᠠ ᠬᠤᠲᠠ ᠶᠢᠨ ᠵᠠᠰᠠᠭ ᠤᠨ ᠵᠡᠭᠦᠨ ᠵᠠᠮ ᠤᠨ ᠲᠣᠨᠣᠯᠵᠢᠨ ᠵᠠᠮ ᠢᠶᠠᠷ ᠡᠬᠢᠯᠡᠯᠲᠡ ᠪᠣᠯᠭᠠᠨ᠂ | ᠵᠡᠭᠦᠨ ᠠᠴᠠ ᠪᠠᠷᠠᠭᠤᠨᠰᠢ ᠶᠠᠪᠤᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠡᠭᠦᠳᠡᠨ ᠳᠤ ᠬᠦᠷᠴᠦ ︵ᠲᠤᠬᠳᠠᠬᠰᠠᠨ ᠤᠷᠤᠨ ᠪᠠᠶᠢᠷᠢ ᠳᠤ ᠲᠤᠬᠯᠠᠬᠤ ᠨᠢ 3 ᠮᠢᠨᠦ᠋ᠲ ᠤᠨ ᠲᠤᠳᠤᠷ᠎ᠠ︶᠂ | ᠪᠣᠯᠣᠳ ᠲᠡᠮᠦᠷ ᠵᠡᠭᠡᠯᠢ ᠪᠠ ᠬᠤᠲᠠ ᠶᠢᠨ ᠵᠠᠰᠠᠭ ᠤᠨ ᠪᠠᠷᠠᠭᠤᠨ ᠵᠠᠮ ᠤᠨ ᠲᠣᠨᠣᠯᠵᠢᠨ ᠵᠠᠮ ᠳᠤ ᠬᠦᠷᠦᠭᠡᠳ | ᠲᠡᠬᠦᠰᠴᠦ᠂ ᠳᠠᠷᠠᠭ᠎ᠠ ᠨᠢ ᠬᠤᠲᠠ ᠶᠢᠨ ᠵᠠᠰᠠᠭ ᠤᠨ ᠪᠠᠷᠠᠭᠤᠨ ᠵᠠᠮ ︵ᠪᠣᠯᠣᠳ ᠲᠡᠮᠦᠷ ᠵᠡᠭᠡᠯᠢ ᠶᠢᠨ ᠬᠤᠶᠢᠲᠤ | ᠬᠡᠰᠡᠭ︶ ᠳᠠᠬᠢ ᠵᠢᠭᠠᠨ ᠲᠣᠭᠲᠠᠭᠠᠭᠰᠠᠨ ᠭᠠᠵᠠᠷ ᠲᠤ ᠴᠤᠭᠯᠠᠷᠠᠵᠤ ᠲᠡᠷᠭᠡᠨ ᠳᠤ ᠰᠠᠭᠤᠨ᠎ᠠ᠃ | ᠠᠵᠢᠯᠯᠠᠭ᠎ᠠ ᠶᠢᠨ ᠠᠭᠤᠯᠭ᠎ᠠ᠄ ᠦᠵᠡᠭᠦᠯᠭᠡ ᠶᠢᠨ ᠲᠤᠬᠯᠠᠯᠲᠠ ᠳᠤ ᠬᠥᠨᠳᠡᠯᠡᠨ ᠲᠣᠭᠤᠷᠢᠭ ᠤᠨ ᠰᠣᠶᠣᠯ ᠤᠨ | ᠣᠷᠳᠣᠨ ᠪᠠ ᠡᠯ᠎ᠡ ᠵᠡᠭᠡᠯᠢ ᠭᠤᠳᠤᠮᠵᠢ ᠪᠠᠯᠭᠠᠰᠤᠨ ᠤ ᠠᠷᠠᠳ ᠤᠨ ᠰᠢᠯᠢᠳᠡᠭ ᠲᠣᠭᠯᠠᠯᠲᠠ ᠶᠢᠨ ᠡᠩᠨᠡᠭᠡ ᠶᠢ | ᠴᠤᠬᠯᠠᠭᠤᠯᠵᠤ᠂ ᠨᠡᠶᠢᠲᠡ 19 ᠲᠣᠭᠯᠠᠯᠲᠠ ᠭᠠᠷᠭᠠᠵᠤ᠂ ᠨᠠᠶᠢᠳᠠ 120 ᠮᠢᠨᠦ᠋ᠲ ᠲᠤᠬᠯᠠᠵᠤ᠂ ᠲᠣᠭᠯᠠᠯᠲᠠ ᠶᠢᠨ | ᠬᠡᠯᠪᠡᠷᠢ ᠨᠢ ᠶᠠᠩᠭᠠᠷ᠂ ᠮᠣᠳᠣᠨ ᠬᠥᠯᠲᠦ᠂ ᠠᠷᠰᠯᠠᠨ ᠲᠣᠭᠯᠠᠬᠤ ᠵᠡᠷᠭᠡ ᠤᠯᠠᠮᠵᠢᠯᠠᠯᠲᠤ ᠠᠷᠠᠳ ᠤᠨ ᠵᠠᠩ | ᠦᠶᠯᠡ ᠶᠢᠨ ᠬᠡᠯᠪᠡᠷᠢ ᠪᠠᠷ ᠭᠤᠤᠯ ᠪᠤᠯᠭᠠᠨ᠎ᠠ᠃ | ᠬᠤᠶᠠᠷ᠂ ᠶᠠᠪᠤᠵᠤ ᠰᠠᠭᠤᠬᠤ ᠲᠤᠬᠠᠢ ᠰᠠᠨᠠᠭᠤᠯᠤᠮᠵᠢ | 2024 ᠣᠨ ᠤ ᠪᠤᠭᠤᠲᠤ ᠬᠤᠲᠠ ᠶᠢᠨ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ | ᠠᠷᠠᠳ ᠤᠨ ᠤᠷᠠᠨ ᠰᠠᠶᠢᠬᠠᠨ ᠤ ᠦᠵᠡᠭᠦᠯᠭᠡ ᠶᠢᠨ ᠲᠤᠬᠯᠠᠯᠳᠠ ᠵᠡᠷᠭᠡ ᠠᠵᠢᠯᠯᠠᠭ᠎ᠠ ᠶᠢᠨ ᠠᠮᠤᠷ ᠲᠦᠪᠰᠢᠨ᠂ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ | ᠦᠨᠳᠦᠰᠦᠯᠡᠨ᠂ 2024 ᠣᠨ ᠤ 2 ᠰᠠᠷ᠎ᠠ ᠶᠢᠨ 22 ᠤᠨ ᠡᠳᠦᠷ ᠠᠴᠠ 25 ᠤ ᠡᠳᠦᠷ ︵ᠴᠠᠭᠠᠨ ᠰᠠᠷ᠎ᠠ ᠶᠢᠨ | ᠠᠷᠪᠠᠨ ᠭᠤᠷᠪᠠᠨ ᠠᠴᠠ ᠴᠠᠭᠠᠨ ᠰᠠᠷ᠎ᠠ ᠶᠢᠨ ᠠᠷᠪᠠᠨ ᠵᠢᠷᠭᠤᠭᠠᠨ ᠪᠤᠯᠳᠠᠯ᠎ᠠ︶ ᠬᠦᠷᠳᠡᠯᠡᠬᠢ ᠬᠤᠭᠤᠴᠠᠭᠠᠨ ᠳᠤ᠂ | ᠮᠠᠨ ᠤ ᠬᠤᠲᠠ ᠶᠢᠨ ᠭᠤᠤᠯ ᠬᠤᠲᠠ ᠶᠢᠨ ᠲᠤᠭᠤᠷᠢᠭ ᠤᠨ ᠬᠡᠰᠡᠭ ᠵᠠᠮ ᠱᠤᠭᠤᠮ ᠳᠤ ᠲᠦᠷ ᠴᠠᠭ ᠤᠨ ᠵᠠᠮ | ᠬᠠᠷᠢᠯᠴᠠᠭᠠᠨ ᠤ ᠬᠢᠵᠠᠭᠠᠷᠯᠠᠵᠤ ᠬᠠᠮᠢᠶᠠᠷᠬᠤ ᠶᠢ ᠬᠡᠷᠡᠭᠵᠢᠭᠦᠯᠬᠦ ᠪᠠᠷ ᠲᠣᠭᠲᠠᠪᠠ᠃ ᠪᠣᠳᠠᠲᠠᠢ ᠵᠦᠢᠯᠡᠰ ᠢ ᠳᠣᠣᠷᠠᠬᠢ | ᠮᠡᠲᠦ ᠮᠡᠳᠡᠭᠳᠡᠶ᠎ᠡ᠄ | ᠠᠵᠢᠯᠯᠠᠭ᠎ᠠ ᠶᠢᠨ ᠨᠡᠷᠡᠶᠢᠳᠦᠯ ᠨᠢᠭᠡ᠄ ︽ᠤᠮᠤᠬᠯᠠᠩᠲᠤ ᠯᠤᠤ ᠲᠤᠬᠯᠠᠬᠰᠠᠨ ᠪᠠᠳᠠᠷᠠᠯᠲᠦ ᠡᠷᠢᠨ ᠤ ᠰᠢᠨ᠎ᠡ ᠤᠨ︾ | 2024 ᠣᠨ ᠤ ᠬᠥᠨᠳᠡᠯᠡᠨ ᠲᠣᠭᠤᠷᠢᠭ ᠤᠨ ᠥᠯᠵᠡᠶᠢᠲᠦ ᠡᠳᠦᠷ ᠤᠨ ᠪᠠᠶᠠᠷ ᠤᠨ ᠠᠷᠠᠳ ᠤᠨ ᠤᠷᠠᠨ ᠰᠠᠶᠢᠬᠠᠨ ᠤ | ᠦᠵᠡᠬᠦᠯᠬᠡ ᠶᠢᠨ ᠲᠣᠭᠯᠠᠯᠲᠠ | ᠵᠠᠮ ᠬᠠᠷᠢᠯᠴᠠᠭ᠎ᠠ ᠶᠢ ᠬᠢᠵᠠᠭᠠᠷᠯᠠᠨ ᠬᠠᠮᠢᠶᠠᠷᠬᠤ ᠴᠠᠭ᠄ 2 ᠰᠠᠷ᠎ᠠ ᠶᠢᠨ 23 ᠤ ᠡᠳᠦᠷ ︵ᠴᠠᠭᠠᠨ ᠰᠠᠷ᠎ᠠ ᠶᠢᠨ | ᠠᠷᠪᠠᠨ ᠳᠥᠷᠪᠡᠨ ︶ 13᠄ 30 — 17᠄ 30 | ᠵᠠᠮ ᠬᠠᠷᠢᠯᠴᠠᠭᠠᠨ ᠤ ᠬᠢᠵᠠᠭᠠᠷᠯᠠᠨ ᠬᠠᠮᠢᠶᠠᠷᠬᠤ ᠬᠡᠰᠡᠭ᠄ ᠪᠣᠯᠣᠳ ᠲᠡᠮᠦᠷ ᠵᠡᠭᠡᠯᠢ ︵ᠦᠨᠳᠦᠰᠦᠲᠡᠨ ᠤ ᠵᠡᠭᠦᠨ | ᠵᠠᠮ — ᠦᠨᠳᠦᠰᠦᠲᠡᠨ ᠤ ᠪᠠᠷᠠᠭᠤᠨ ᠵᠠᠮ︶ ᠶᠢᠨ ᠬᠡᠰᠡᠭ᠂ ᠤᠯᠠᠭᠠᠨ ᠵᠠᠮ ︵ᠦᠨᠳᠦᠰᠦᠲᠡᠨ ᠤ ᠵᠡᠭᠦᠨ ᠵᠠᠮ | — ᠦᠨᠳᠦᠰᠦᠲᠡᠨ ᠤ ᠪᠠᠷᠠᠭᠤᠨ ᠵᠠᠮ︶ ᠤᠨ ᠬᠡᠰᠡᠭ᠂ ᠲᠠᠯᠠᠪᠠᠶ ᠶᠢᠨ ᠡᠮᠦᠨ᠎ᠡ ᠵᠠᠮ ︵ᠬᠤᠲᠠ ᠶᠢᠨ ᠵᠠᠰᠠᠭ ᠤᠨ | ᠵᠡᠭᠦᠨ ᠵᠠᠮ — ᠬᠤᠲᠠ ᠶᠢᠨ ᠵᠠᠰᠠᠭ ᠤᠨ ᠪᠠᠷᠠᠭᠤᠨ ᠵᠠᠮ︶ ᠤᠨ ᠬᠡᠰᠡᠭ᠂ ᠠᠷᠠᠳ ᠵᠡᠭᠡᠯᠢ ︵ᠪᠠᠭᠠᠴᠤᠤᠯ ᠵᠠᠮ | — ᠲᠠᠯᠠᠪᠠᠶ ᠶᠢᠨ ᠡᠮᠦᠨ᠎ᠡ ᠵᠠᠮ︶ ᠶᠢᠨ ᠬᠡᠰᠡᠭ᠂ ᠲᠠᠯᠠᠪᠠᠶ ᠶᠢᠨ ᠵᠡᠭᠦᠨ ᠵᠠᠮ ︵ᠤᠯᠠᠭᠠᠨ ᠵᠠᠮ — ᠲᠠᠯᠠᠪᠠᠶ ᠶᠢᠨ | ᠡᠮᠦᠨ᠎ᠡ ᠵᠠᠮ︶ ᠤᠨ ᠬᠡᠰᠡᠭ᠂ ᠲᠠᠯᠠᠪᠠᠶ ᠶᠢᠨ ᠪᠠᠷᠠᠭᠤᠨ ᠵᠠᠮ ︵ᠤᠯᠠᠭᠠᠨ ᠵᠠᠮ — ᠲᠠᠯᠠᠪᠠᠶ ᠶᠢᠨ ᠡᠮᠦᠨ᠎ᠡ ᠵᠠᠮ︶ | ᠤᠨ ᠬᠡᠰᠡᠭ᠂ ᠬᠤᠲᠠ ᠶᠢᠨ ᠵᠠᠰᠠᠭ ᠤᠨ ᠵᠡᠭᠦᠨ ᠵᠠᠮ ︵ᠤᠯᠠᠭᠠᠨ ᠵᠠᠮ — ᠪᠠᠭᠠᠴᠤᠤᠯ ᠵᠠᠮ︶ ᠤᠨ ᠬᠡᠰᠡᠭ᠂ | ᠬᠤᠲᠠ ᠶᠢᠨ ᠵᠠᠰᠠᠭ ᠤᠨ ᠪᠠᠷᠠᠭᠤᠨ ᠵᠠᠮ ︵ᠤᠯᠠᠭᠠᠨ ᠵᠠᠮ — ᠪᠠᠭᠠᠴᠤᠤᠯ ᠵᠠᠮ︶ ᠤᠨ ᠬᠡᠰᠡᠭ᠃ | | |