ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/23
ᠵᠠᠰᠠᠭ ᠤᠨ ᠣᠷᠳᠣᠨ ᠤ ᠠᠵᠢᠯ ᠤᠨ ᠢᠯᠡᠳᠬᠡᠯ — 2024 ᠣᠨ ᠤ 1 ᠰᠠᠷ᠎ᠠ ᠶᠢᠨ 23 ᠤ ᠡᠳᠦᠷ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ     ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠲᠥᠯᠥᠭᠡᠯᠡᠭᠴᠢᠳ ᠡ᠄ ᠣᠳᠣ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2023 ᠤᠨ ᠢᠶᠠᠨ ᠡᠷᠬᠢᠴᠡᠬᠦᠯᠬᠦᠶ᠎ᠡ᠂ ᠪᠢᠳᠡ ᠦᠪᠡᠷᠳᠡᠬᠡᠨ ᠵᠠᠰᠠᠬᠤ ᠤᠷᠤᠨ ᠤ ᠬᠤᠰᠢᠭᠤᠴᠢ ᠪᠤᠯᠬᠤ ᠰᠦᠰᠦ ᠵᠤᠷᠢᠭ ᠪᠠ ᠡᠷᠴᠢ ᠬᠦᠴᠦᠨ ᠢ ᠡᠪᠦᠷᠯᠡᠨ ᠪᠤᠭᠤᠮᠳᠠ ᠰᠢᠪᠳᠤᠯᠤᠨ ᠪᠡᠷᠬᠡ ᠰᠡᠳᠦᠪ ᠢ ᠰᠢᠢᠳᠪᠦᠷᠢᠯᠡᠨ᠂ ᠪᠤᠳᠠᠳᠠᠢ ᠠᠳᠬᠤᠵᠤ ᠦᠨᠡᠨᠬᠦ ᠬᠢᠵᠦ ᠪᠦᠳᠦᠬᠡᠵᠤ᠂ ᠴᠢᠨᠡᠷ ᠰᠠᠶᠢᠳᠠᠢ ᠭᠦᠭᠵᠢᠯᠲᠡ ᠶᠢᠨ ᠨᠢᠬᠡᠨ ᠬᠤᠪᠢ ᠰᠢᠯᠢᠳᠡᠭ ᠬᠢᠷᠢ ᠪᠦᠳᠦᠮᠵᠢ ᠪᠦᠬᠦᠢ ᠬᠠᠷᠢᠭᠤᠯᠳᠠ ᠶᠢᠨ ᠬᠠᠭᠤᠳᠠᠰᠤ ᠶᠢ ᠲᠤᠰᠢᠶᠡᠪᠡ     ᠰᠠᠶᠢᠬᠠᠨ ᠥᠩᠭᠡᠷᠡᠭᠰᠡᠨ 2023 ᠣᠨ ᠪᠣᠯ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠭᠡ ᠥᠷᠢᠰᠥᠯᠳᠦᠭᠡᠨ ᠲᠤᠯᠭᠠᠷᠠᠬᠰᠠᠨ᠂ ᠲᠦᠢᠯ ᠤᠨ ᠶᠡᠷᠦ ᠪᠤᠰᠤ ᠶᠢᠨ᠂ ᠲᠦᠢᠯ ᠤᠨ ᠬᠢᠯᠪᠠᠷ ᠪᠤᠰᠤ ᠨᠢᠭᠡ ᠵᠢᠯ ᠪᠣᠯᠤᠨ᠎ᠠ᠂ ᠪᠠᠰᠠ ᠴᠤ ᠪᠢᠳᠡᠨ ᠤ ᠳᠠᠷᠤᠯᠲᠠ ᠶᠢ ᠰᠦᠷᠦᠨ ᠤᠷᠤᠭᠰᠢᠯᠠᠭᠰᠠᠨ᠂ ᠬᠦᠴᠢᠷ ᠤᠨ ᠳᠤᠮᠳᠠ ᠠᠮᠵᠢᠯᠲᠠ ᠣᠯᠤᠭᠰᠠᠨ᠂ ᠦᠯᠡᠮᠵᠢ ᠶᠡᠭᠡ ᠦᠷ᠎ᠡ ᠪᠦᠲᠦᠭᠡᠯ ᠣᠯᠤᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠬᠤᠲᠠ ᠶᠢᠨ ᠲᠤᠬᠠᠢ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠬᠦᠨᠵᠡᠬᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠬᠦᠯᠦᠨ᠂ ᠲᠤᠭ ᠡᠷᠭᠦᠨ ᠠᠰᠠᠭᠤᠳᠠᠯ ᠳᠤ ᠵᠤᠷᠢᠬᠳᠠᠢ ᠪᠠᠷ ᠰᠢᠭᠤᠳ ᠬᠠᠨᠳᠤᠵᠤ ᠬᠤᠰᠢᠭᠤᠴᠢ ᠪᠣᠯᠬᠤ ᠪᠠᠷ ᠴᠢᠷᠮᠠᠶᠢᠵᠤ᠂ ᠳᠠᠪᠠᠵᠤ ᠭᠠᠷᠬᠤ ᠪᠠᠷ ᠴᠢᠷᠮᠠᠶᠢᠵᠤ ᠦᠰᠦᠷᠦᠯᠳᠡ ᠶᠢ ᠪᠡᠶᠡᠯᠡᠬᠦᠯᠵᠤ ᠬᠠᠮᠤᠭ  ᠤᠨ ᠥᠨᠳᠥᠷ ᠬᠠᠷᠠᠯᠳᠠ ᠶᠢ ᠲᠤᠬᠳᠠᠭᠠᠵᠤ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠲᠣᠭᠲᠠᠭᠤᠨ ᠤ ᠲᠤᠮᠳᠠ  ᠰᠠᠶᠢᠵᠢᠷᠠᠯᠲᠠ ᠲᠠᠢ ᠪᠤᠯᠵᠤ᠂ ᠲᠣᠭᠲᠠᠭᠤᠨ ᠤ ᠲᠤᠮᠳᠠ ᠲᠦᠷᠭᠡᠨ ᠲᠡᠪᠰᠢᠬᠤ ᠰᠠᠶᠢᠨ ᠰᠠᠶᠢᠬᠠᠨ ᠪᠠᠶᠢᠳᠠᠯ ᠢᠯᠡᠷᠡᠪᠡ᠃      — ᠪᠢᠳᠡ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠶ ᠪᠠᠷ ᠰᠤᠳᠤᠯᠤᠨ ᠮᠠᠭᠠᠳᠯᠠᠵᠤ᠂ ᠪᠦᠬᠦ ᠲᠤᠭᠤᠷᠢᠭ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠷᠥᠯ ᠵᠦᠶᠯ ᠢ ᠠᠳᠬᠤᠵᠤ᠂ ᠠᠵᠤ ᠦᠶᠯᠡᠰ ᠢ ᠬᠦᠴᠦᠷᠬᠡᠭᠵᠢᠭᠦᠯᠵᠦ᠂ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠣᠭᠲᠠᠭᠤᠨ ᠢ ᠪᠠᠲᠤᠯᠠᠪᠠ᠃ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠢᠮᠠᠭᠲᠠ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠪᠥᠬᠦ ᠬᠤᠲᠠ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ 36.1% ᠳᠤ ᠬᠦᠷᠴᠦ᠂ ᠶᠡᠷᠦᠩᠬᠡᠶ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠳᠤ 2 ᠳ᠋ᠤᠭᠠᠷ ᠲᠤ ᠤᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 31% ᠪᠠᠷ    ᠨᠡᠮᠡᠭᠳᠡᠵᠦ᠂ 10 ᠰᠠᠷ᠎ᠠ ᠳᠠᠷᠠᠭᠠᠯᠠᠨ 30% ᠠᠴᠠ ᠳᠡᠭᠡᠭᠰᠢᠬᠢ ᠨᠡᠮᠡᠭᠳᠡᠯ ᠢ ᠪᠠᠲᠤᠯᠠᠵᠤ᠂ ᠪᠥᠬᠦ ᠬᠤᠲᠠ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ 31.5% ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 25.4% ᠪᠠᠷ ᠨᠡᠮᠡᠭᠳᠡᠵᠦ᠂ ᠪᠦᠬᠦ ᠬᠤᠲᠠ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ 15%  ᠪᠤᠯᠤᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠦ᠂ ᠪᠦᠬᠦ ᠬᠤᠲᠠ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ 33.6% ᠪᠤᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 36.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.3% ᠪᠠᠷ ᠨᠡᠮᠡᠭᠳᠡᠵᠦ᠂ 2023 ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢᠶᠠᠷ ᠢᠶᠠᠨ ᠵᠠᠭᠤᠨ ᠬᠦᠴᠦᠷᠬᠡᠭ ᠲᠤᠭᠤᠷᠢᠭ ᠤᠨ ᠲᠤᠳᠤᠷ᠎ᠠ 21 ᠳ᠋ᠤᠭᠡᠷ ᠲᠤ ᠤᠷᠤᠵᠤ᠂ ᠪᠥᠬᠦ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠵᠠᠭᠤᠨ ᠬᠦᠴᠦᠷᠬᠡᠭ ᠲᠤᠭᠤᠷᠢᠭ ᠤᠨ ᠲᠤᠳᠤᠷ᠎ᠠ 45 ᠳ᠋ᠤᠭᠠᠷ ᠲᠤ ᠤᠷᠤᠪᠠ᠃ ᠪᠦᠬᠦ  ᠲᠤᠭᠤᠷᠢᠭ ᠤᠨ ᠬᠥᠭᠵᠢᠯᠲᠡ ᠶᠢᠨ ︽ᠰᠠᠶᠢᠨ ᠪᠠᠶᠢᠬᠤ︾ ᠵᠢᠱᠢᠯᠲᠡ ᠲᠠᠰᠤᠷᠠᠯᠲᠠ ᠦᠭᠡᠢ ᠬᠤᠪᠢᠷᠠᠵᠤ᠂ ︽ᠲᠣᠭᠲᠠᠭᠤᠨ︾ ᠤ ᠰᠠᠭᠤᠷᠢ ᠦᠷᠭᠦᠯᠵᠢᠯᠡᠨ ᠪᠠᠬᠢᠵᠢᠵᠦ᠂ ︽ᠲᠠᠪᠰᠢᠯᠳᠠ︾ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠢ ᠬᠤᠷᠠᠮᠳᠤᠵᠤ᠂ ᠡᠮᠦᠨ᠎ᠡ ᠡᠩᠨᠡᠭᠡᠨ ᠳᠤ ᠶᠠᠪᠤᠵᠤ᠂ ᠵᠣᠷᠢᠭᠲᠠᠢ ᠪᠠᠷ ᠶᠡᠭᠡ ᠡᠭᠦᠷᠭᠡ ᠶᠢ ᠡᠭᠦᠷᠭᠡᠯᠡᠳᠡᠭ ᠬᠦᠳᠡᠯᠡᠨ ᠲᠤᠭᠤᠷᠢᠭ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃      — ᠪᠢᠳᠡ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠨ ᠴᠢᠩᠭᠠᠳᠬᠠᠨ᠂ ᠪᠥᠬᠦ ᠲᠤᠭᠤᠷᠢᠭ ᠲᠡᠭᠡᠷ᠎ᠡ ᠲᠤᠤᠷ᠎ᠠ ᠱᠠᠲᠤ ᠪᠠᠷ ᠢᠶᠠᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ᠲᠥᠷᠥᠯ ᠵᠦᠶᠯ ᠢ ᠨᠠᠶᠢᠳᠠᠪᠤᠷᠢᠵᠢᠭᠤᠯᠤᠨ ᠪᠠᠷᠢᠯᠭ᠎ᠠ ᠡᠬᠢᠯᠡᠭᠦᠯᠬᠦ ᠶᠢ ᠠᠳᠬᠤᠵᠤ᠂  ᠬᠢᠵᠠᠭᠠᠷᠯᠠᠬᠰᠠᠨ ᠬᠡᠮᠵᠢᠶ᠎ᠡ ᠶᠢᠨ ᠪᠦᠷᠢᠳᠬᠡᠬᠦ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠤᠯᠤᠰ ᠤᠨ ᠲᠤᠭ᠎ᠠ ᠪᠦᠷᠢᠳᠬᠡᠯ ᠤᠨ ᠰᠦᠯᠵᠢᠶ᠎ᠡ ᠳᠤ ᠪᠦᠷᠢᠳᠬᠡᠨ ᠤᠷᠤᠭᠤᠯᠬᠤ᠂ ᠦᠶᠯᠡᠳᠪᠦᠷᠢᠯᠡᠯ ᠤᠨ ᠬᠠᠮᠤᠭ ᠤᠨ ᠶᠡᠭᠡ  ᠬᠡᠮᠵᠢᠶ᠎ᠡ ᠳᠤ ᠬᠦᠷᠭᠡᠵᠦ ᠬᠡᠪᠴᠢᠶᠡᠵᠢᠯ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠨᠠᠩ ᠬᠦᠴᠦᠲᠡᠶ ᠬᠡᠷᠡᠭᠵᠢᠭᠦᠯᠦᠨ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠶᠯᠡᠰ ᠤᠨ 48 ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠵᠦ᠂ 195 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠲᠡᠭᠡᠷ᠎ᠡ     ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 37% ᠪᠠ 53.5% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 16᠂ ᠬᠢᠵᠠᠭᠠᠷᠯᠠᠬᠰᠠᠨ ᠬᠡᠮᠵᠢᠶ᠎ᠡ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠪᠠ ᠠᠷᠠᠯᠵᠢᠶᠠᠨ ᠤ ᠦᠶᠯᠡᠰ ᠤᠨ ᠠᠵᠤ ᠠᠬᠤᠶᠢᠯᠠᠯ 56 ᠰᠢᠨ᠎ᠡ ᠪᠠᠷ ᠨᠡᠮᠡᠭᠳᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1 ᠳᠠᠬᠢᠨ ᠭᠠᠷᠤᠶ ᠨᠡᠮᠡᠭᠳᠡᠵᠦ᠂ ᠨᠢᠭᠡ ᠨᠢᠬᠡ ᠬᠡᠰᠡᠭ ᠦᠶᠯᠡᠳᠪᠦᠷᠢ ᠶᠢᠨ ᠬᠡᠷ ᠪᠠᠶᠢᠰᠢᠩ ᠤᠨ ᠪᠠᠷᠢᠯᠭ᠎ᠠ ᠶᠢᠨ ᠭᠠᠵᠠᠷ ᠨᠢ ᠠᠵᠢᠯ ᠣᠯᠭᠤᠬᠤ᠂ ᠥᠷᠲᠡᠭ ᠡᠭᠦᠳᠬᠦ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠪᠣᠯᠵᠣ ᠬᠤᠪᠢᠷᠠᠨ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠨᠤᠭᠤᠳ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ᠂ ᠲᠡᠯᠳᠡ ᠬᠦᠴᠦᠨ ᠢᠶᠠᠷ ᠭᠦᠶᠴᠡᠳ ᠬᠥᠨᠳᠡᠯᠡᠨ ᠲᠣᠭᠤᠷᠢᠭ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃      — ᠪᠢᠳᠡ ︽ᠪᠣᠳᠠᠲᠠᠶ ᠠᠳᠬᠤᠵᠤ ᠬᠢᠵᠦ ᠪᠦᠲᠦᠭᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠦᠴᠢᠷ  ᠪᠤᠯᠪᠠᠴᠤ ᠵᠥᠪ︾ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠷᠤᠯᠭ᠎ᠠ ᠪᠠᠨ ᠨᠡᠮᠡᠭᠳᠡᠬᠦᠯᠵᠤ  ᠵᠠᠷᠤᠯᠭ᠎ᠠ ᠪᠠᠨ ᠬᠡᠮᠨᠡᠵᠤ᠂ ᠳᠠᠯᠳᠠ ᠬᠦᠴᠦᠨ ᠢ ᠠᠭᠤᠳᠠᠯᠤᠨ ᠠᠰᠢᠭᠯᠠᠵᠤ᠂ 400 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠬᠠᠩᠭᠠᠬᠤ ᠶᠢ ᠰᠢᠨ᠎ᠡ ᠪᠠᠷ ᠨᠡᠮᠡᠭᠳᠡᠬᠦᠯᠵᠦ᠂ 803 ᠮᠥ ᠰᠤᠯᠠ ᠲᠠᠯᠪᠢᠬᠳᠠᠵᠤ  ᠪᠠᠶᠢᠬᠰᠠᠨ ᠭᠠᠵᠠᠷ ᠰᠢᠷᠣᠶ ᠶᠢ ᠠᠮᠢᠳᠤᠯᠢᠬᠵᠢᠭᠤᠯᠤᠨ ᠰᠤᠯᠠᠯᠠᠵᠤ ᠠᠰᠢᠬᠯᠠᠵᠤ᠂ 4500 ᠮᠥ ᠭᠠᠵᠠᠷ ᠬᠠᠩᠭᠠᠵᠤ᠂ ᠤᠰᠤ ᠬᠡᠷᠡᠭᠯᠡᠬᠦ ᠭᠠᠵᠠᠷ ᠰᠢᠷᠦᠢ ᠶᠢᠨ ᠡᠯᠧᠮᠧᠨ᠋ᠲ ᠤᠨ ᠪᠠᠲᠤᠯᠠᠭ᠎ᠠ ᠶᠢᠨ ︽ᠲᠡᠩᠴᠡᠭᠦᠷᠢ ᠶᠢ ᠪᠠᠳᠤᠯᠠᠬᠤ ᠳᠤ ᠪᠠᠴᠢᠮ ᠪᠠᠶᠢᠬᠤ︾ ᠪᠠᠶᠢᠳᠠᠯ ᠢ ᠨᠠᠮᠳᠠᠭᠤᠯᠪᠠ᠃ ︽ᠭᠤᠷᠪᠠ ᠶᠢ ᠲᠡᠮᠡᠴᠡᠨ ᠣᠯᠬᠤ︾  ᠡᠷᠴᠢᠮ ᠢᠶᠠᠨ ᠨᠡᠮᠡᠭᠳᠡᠭᠦᠯᠵᠦ᠂ ︽ ᠬᠡᠯᠳᠡᠰ ᠪᠠ ᠲᠢᠩᠬᠢᠮ ᠪᠠᠷ ᠭᠦᠶᠦᠵᠦ︾᠂ ᠲᠡᠭᠡᠷ᠎ᠡ ᠱᠠᠲᠤᠨ ᠤ ᠪᠡᠯᠡ ᠮᠥᠩᠭᠦ ᠶᠢ 76.3 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠨᠢ ᠪᠦᠬᠦ ᠬᠤᠲᠠ ᠳᠤ  ᠲᠦᠷᠦᠬᠦᠯᠡᠵᠦ᠂    ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠵᠣᠷᠢᠭᠲᠠᠢ ᠪᠠᠷ ᠪᠣᠭᠤᠮᠲᠠ ᠰᠢᠪᠲᠤᠯᠵᠤ᠂ ᠴᠢᠳᠠᠮᠠᠭᠠᠢ ᠪᠠᠷ ᠠᠵᠢᠯᠯᠠᠨ ᠬᠢᠵᠦ ᠪᠦᠲᠦᠭᠡᠬᠦ ᠬᠥᠨᠳᠡᠯᠡᠨ ᠲᠣᠭᠤᠷᠢᠭ ᠤᠨ ᠡᠭᠦᠷᠭᠡᠯᠡᠯ ᠢ ᠢᠯᠡᠷᠡᠭᠦᠯᠪᠡ᠃     — ᠪᠢᠳᠡ ᠠᠷᠠᠳ ᠲᠦᠮᠡᠨ ᠳᠤ ᠪᠤᠶᠠᠨ ᠦᠶᠯᠡᠳᠬᠦ ᠶᠢ ᠪᠠᠷᠢᠮᠲᠠᠯᠠᠵᠤ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠬᠦᠴᠢᠷᠳᠡᠯ ᠪᠠ ᠲᠦᠭᠵᠢᠷᠡᠯ ᠠᠰᠠᠭᠤᠳᠠᠯ ᠢ ᠰᠢᠶᠳᠪᠦᠷᠢᠯᠡᠵᠦ᠂ ᠨᠢᠭᠡ ᠰᠠᠷ᠎ᠠ ᠤᠷᠢᠳᠴᠢᠯᠠᠨ 20 ᠭᠠᠵᠠᠷ ᠲᠠᠬᠢ᠂ 387 ᠡᠷᠦᠬᠡ᠂ 3.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠬᠤᠲᠠ ᠶᠢᠨ ᠲᠣᠭᠤᠷᠢᠭ ᠤᠨ ︽ᠬᠠᠭᠤᠴᠢᠨ ᠪᠠᠶᠢᠰᠢᠩ ᠬᠡᠷ︾ ᠢ ᠨᠤᠷᠠᠭᠠᠨ ᠨᠡᠭᠦᠯᠭᠡᠬᠦ ᠠᠵᠢᠯ ᠢ ᠪᠡᠶᠡᠯᠡᠭᠦᠯᠵᠦ᠂ C ᠲᠠᠰ᠂ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠪᠦᠬᠦᠨ ᠢ ᠨᠤᠷᠠᠭᠠᠪᠠ᠃ 119 ᠣᠷᠣᠨ ᠰᠠᠭᠤᠴᠠ ᠶᠢᠨ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠨ ᠳᠠᠭᠤᠰᠬᠠᠵᠤ᠂ ᠱᠢ ᠮᠤᠤ ᠶᠦᠨ ᠶᠢᠨ ᠤ ᠨᠢᠭᠡᠳᠦᠭᠡᠷ ᠬᠤᠭᠤᠴᠠᠭ᠎ᠠ ᠵᠡᠷᠭᠡ ᠲᠤᠰᠢᠶᠠᠬᠤ ᠶᠢ ᠪᠠᠲᠤᠯᠠᠬᠰᠠᠨ ᠠᠰᠠᠷ ᠤᠨ ᠪᠠᠷᠢᠯᠭ᠎ᠠ ᠶᠢ ᠤᠷᠤᠭᠰᠢᠲᠠᠶ ᠪᠠᠶᠢᠭᠤᠯᠵᠤ ᠳᠠᠭᠤᠰᠴᠤ ᠬᠡᠷ ᠪᠠᠶᠢᠰᠢᠩ ᠢ ᠲᠤᠰᠢᠶᠠᠵᠤ᠂ ᠣᠯᠠᠨ ᠤᠯᠤᠰ ᠤᠨ ᠮᠥᠩᠭᠦᠨ ᠭᠦᠶᠯᠭᠡᠬᠡᠨ ᠶᠢᠨ ᠰᠣᠶᠣᠯ ᠤᠨ ᠲᠥᠪ᠂ ᠨᠢᠬᠡᠳᠦᠬᠡᠷ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠵᠡᠷᠭᠡ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠤᠨ ︽ᠳᠤᠲᠠᠭᠤ ᠤᠷᠬᠢᠬᠰᠠᠨ ᠢᠨᠵᠧᠨᠧᠷᠢᠩ︾ ᠢ ᠳᠠᠬᠢᠨ ᠡᠬᠢᠯᠡᠭᠦᠯᠵᠦ᠂ 18 ᠦᠶᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠲᠥᠷᠥᠯ ᠵᠦᠶᠯ ᠨᠢ ᠥᠯᠥ ᠬᠥᠳᠡᠯᠬᠦ ᠬᠥᠷᠥᠩᠭᠡ ᠶᠢ ᠳᠡᠩᠰᠡᠯᠡᠭᠤᠯᠤᠬᠰᠠᠨ ᠦᠨᠡᠮᠯᠡᠯ ᠢᠶᠠᠨ ᠣᠯᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠣᠭᠳᠠᠬᠤ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠵᠦᠶᠯᠡᠰ ᠢ ᠪᠦᠲᠦᠮᠵᠢᠲᠡᠶ ᠰᠢᠶᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠨᠢᠬᠡᠨ ᠬᠤᠪᠢ ᠬᠦᠭᠵᠢᠯᠲᠡ ᠨᠢ ᠠᠷᠠᠳ ᠲᠦᠮᠡᠨ ᠤ ᠲᠥᠯᠥᠭᠡ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠰᠡᠨ ᠬᠥᠨᠳᠡᠯᠡᠨ ᠲᠣᠭᠤᠷᠢᠭ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃      ᠲᠥᠯᠥᠭᠡᠯᠡᠭᠴᠢᠳ ᠡ︕ ᠬᠢᠯᠪᠠᠷ ᠢᠶᠠᠷ ᠦᠯᠦ ᠪᠡᠶᠡᠯᠡᠭᠳᠡᠬᠦ ᠬᠠᠷᠠᠯᠳᠠ ᠶᠢ ᠬᠦᠬᠡᠬᠡᠴᠡᠯᠳᠦᠭᠰᠡᠳ ᠡᠷᠬᠡ ᠦᠭᠡᠢ ᠶᠡᠭᠡ ᠦᠢᠯᠡ ᠶᠢ ᠪᠦᠳᠦᠬᠡᠵᠦ ᠴᠢᠳᠠᠨ᠎ᠠ᠂ ᠠᠵᠢᠯ ᠶᠠᠪᠤᠳᠠᠯ ᠬᠢᠬᠦ ᠳᠤ ᠬᠦᠴᠢᠷ ᠠᠴᠠ ᠠᠶᠤᠬᠤ ᠦᠭᠡᠢ ᠪᠣᠯ  ᠯᠠᠪᠳᠠᠢ ᠤᠷᠤᠭᠰᠢᠯᠠᠨ ᠲᠡᠪᠰᠢᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠪᠥᠬᠦ ᠲᠤᠭᠤᠷᠢᠭ ᠳᠠᠶᠠᠭᠠᠷ ᠢᠶᠠᠨ ᠬᠥᠭᠵᠢᠯᠲᠡ ᠪᠠᠷ ᠬᠦᠴᠢᠷ ᠠᠰᠠᠭᠤᠳᠠᠯ ᠢ ᠰᠢᠶᠳᠪᠦᠷᠢᠯᠡᠬᠦ ᠶᠢ ᠪᠠᠷᠢᠮᠲᠠᠯᠠᠵᠤ᠂ ᠨᠡᠮᠡᠭᠳᠡᠯ ᠢᠶᠠᠷ   ᠬᠠᠳᠠᠭᠠᠯᠠᠬᠳᠠᠴᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠵᠤ ᠬᠥᠭᠵᠢᠬᠦ ᠶᠢᠨ ᠳᠤᠮᠳᠠ ᠰᠢᠨ᠎ᠡ ᠳᠠᠪᠠᠭᠤᠯᠢᠭ ᠢ ᠪᠣᠶ ᠪᠣᠯᠭᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠰᠢᠨ᠎ᠡ ᠬᠥᠳᠡᠯᠭᠡᠬᠦ ᠡᠨᠧᠷᠭᠢ ᠶᠢ ᠬᠤᠷᠠᠮᠳᠤᠭᠤᠯᠵᠤ᠂ ᠬᠢᠵᠢᠭ ᠤᠨ ᠳᠠᠷᠠᠭᠠᠬᠢ ᠡᠪᠡᠷᠰᠢᠶᠡᠯᠳᠦ ᠬᠤᠭᠤᠴᠠᠭ᠎ᠠ ᠶᠢ ᠢᠯᠡᠨ ᠳᠠᠪᠠᠵᠤ᠂ ᠬᠥᠨᠳᠡᠯᠡᠨ ᠲᠣᠭᠤᠷᠢᠭ ᠤᠨ ︽ᠬᠤᠷᠳᠤ ᠨᠡᠮᠠᠨ︾ ᠬᠥᠭᠵᠢᠬᠦ ᠶᠢ ᠪᠡᠶᠡᠯᠡᠭᠦᠯᠪᠡ᠃ ᠭᠤᠤᠯᠳᠠᠭᠤ ᠳᠤᠤᠷᠠᠬᠢ ᠠᠵᠢᠯ ᠤᠨ ᠦᠷ᠎ᠡ ᠪᠦᠲᠦᠮᠵᠢ ᠶᠢ ᠣᠯᠵᠠᠶ᠄      ︵ᠨᠢᠭᠡ︶ ᠪᠡᠯᠡ ᠣᠷᠣᠭᠤᠯᠤᠯᠲᠠ ᠶᠢ ᠥᠷᠭᠡᠳᠬᠡᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠲᠤᠮᠳᠠ ᠲᠦᠷᠭᠡᠨ ᠬᠦᠭᠵᠢᠪᠡ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠳᠠᠲᠠᠶ ᠪᠥᠭᠡᠳ ᠥᠨᠳᠥᠷ ᠪᠦᠲᠦᠮᠵᠢᠲᠡᠶ ᠪᠤᠯᠪᠠ᠃ ᠴᠢᠬᠤᠯᠠ ᠶᠡᠭᠡ ᠲᠥᠷᠥᠯ ᠵᠦᠶᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠ ᠲᠤᠰᠬᠠᠶ ᠠᠩᠬᠢ ᠪᠠᠶᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 96 ᠴᠢᠬᠤᠯᠠ ᠶᠡᠭᠡ ᠲᠥᠷᠥᠯ ᠵᠦᠶᠯ ᠳᠤ 342.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 46 ᠶᠢ ᠨᠢ ᠪᠠᠷᠢᠯᠭ᠎ᠠ ᠳᠠᠭᠤᠰᠬᠠᠵᠤ᠂ ᠯᠧ ᠴᠧᠩ ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ ᠪᠢᠶᠤᠤ ᠱᠧᠩ ᠳ᠋ᠡ ᠬᠡᠷᠡᠯ ᠴᠡᠨᠡᠭ ᠤᠨ ᠲᠤᠯᠬᠤ ᠴᠠᠬᠤ ᠵᠡᠷᠭᠡ 7 ᠠᠵᠤ ᠦᠶᠯᠡᠰ ᠤᠨ ᠲᠥᠷᠥᠯ ᠵᠦᠶᠯ ᠳᠤ ︽ᠲᠤᠬᠠᠶ ᠶᠢᠨ ᠵᠢᠯ ᠳᠤ ᠪᠠᠷᠢᠯᠭ᠎ᠠ ᠡᠬᠢᠯᠡᠭᠦᠯᠵᠦ᠂ ᠲᠤᠬᠠᠶ ᠶᠢᠨ ᠵᠢᠯ ᠳᠤ ᠠᠰᠢᠭᠯᠠᠯᠲᠠ ᠳᠤ ᠣᠷᠣᠭᠤᠯᠬᠤ︾ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ  ᠠᠪᠴᠢᠷᠠᠬᠤ ᠠᠵᠢᠯ ᠲᠦᠷᠭᠡᠨ ᠪᠥᠭᠡᠳ ᠯᠠᠪᠳᠠᠭᠤᠨ ᠶᠠᠪᠤᠭᠳᠠᠪᠠ᠃ ᠠᠵᠤ ᠦᠢᠯᠡᠰ ᠤᠨ ᠬᠡᠯᠬᠢᠶᠡᠨ ᠳᠤ  ᠠᠷᠠᠯᠵᠢᠶᠠᠴᠢᠨ ᠤᠷᠢᠬᠤ᠂ ᠤᠨᠢᠨ ᠲᠡᠬᠡᠷ᠎ᠡ ᠨᠢ ᠠᠷᠠᠯᠵᠢᠶᠠᠴᠢᠨ ᠤᠷᠢᠬᠤ ᠶᠢ ᠭᠦᠨᠵᠡᠭᠡᠢ ᠠᠬᠢᠭᠤᠯᠵᠤ᠂ ᠠᠷᠠᠳ ᠬᠤᠪᠢ ᠤᠷᠤᠭᠤᠯᠤᠯᠲᠠ ᠶᠢ ᠡᠷᠬᠡᠰᠢᠶᠡᠬᠦ ᠨᠡᠶᠢᠯᠡᠮᠡᠯ ᠲᠡᠮᠦᠷᠯᠢᠭ ᠤᠨ ᠳ᠋ᠢᠶᠠᠨ ᡂᠢ᠂ ᠵᠧᠵᠢᠶᠠᠩ ᠤᠨ ᠯᠢᠩ ᠲᠦᠸᠧ ᠪᠠᠯ ᠴᠢᠯᠠᠭᠤᠨ ᠠᠯᠺᠧᠨ ᠪᠦᠷᠬᠦᠪᠴᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ ᠠᠪᠴᠢᠷᠠᠪᠠ︔ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ︵ᠤᠯᠤᠰ ᠤᠨ ᠳᠣᠲᠣᠭᠠᠳᠤ ᠶᠢᠨ︶ ᠪᠡᠯᠡ ᠮᠥᠩᠭᠦ ᠶᠢ 131 ᠳ᠋ᠦᠩᠰᠢᠭᠤᠷ ᠲᠥᠭᠦᠷᠢᠭ ᠣᠷᠣᠭᠤᠯᠵᠤ ᠠᠪᠴᠢᠷᠠᠨ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠰᠠᠨ ᠬᠡᠮᠵᠢᠶ᠎ᠡ ᠶᠢ 141 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠭᠰᠡᠨ ᠦᠷ᠎ᠡ ᠪᠦᠲᠦᠮᠵᠢ ᠢᠯᠡᠷᠬᠡᠢ ᠪᠤᠯᠪᠠ᠃ ᠠᠵᠤ ᠠᠬᠤᠶᠢᠯᠠᠯ ᠪᠠ ᠣᠷᠣᠨ ᠨᠤᠲᠤᠭ ᠤᠨ ᠠᠭᠤᠰᠤᠯᠴᠠᠯ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠶᠯᠡᠰ ᠤᠨ ᠬᠥᠭᠵᠢᠯᠲᠡ ᠶᠢ ᠳᠡᠮᠵᠢᠬᠦ ᠪᠠᠯᠠ ᠮᠥᠩᠭᠦ ᠶᠢ 2.8 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠭᠠᠶᠢᠯᠢ ᠰᠦᠶᠳᠬᠡᠯ ᠤᠨ ᠳᠠᠷᠤᠭᠠᠰᠤ ᠶᠢ 4.1 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠵᠠᠰᠠᠭ ᠪᠠᠩᠬᠢ ᠠᠵᠤ ᠠᠬᠤᠶᠢᠯᠠᠯ ᠢ ᠵᠤᠯᠭᠠᠭᠤᠯᠵᠤ ᠳᠤᠮᠳᠠ ᠪᠠᠭ᠎ᠠ ᠠᠵᠤ ᠠᠬᠤᠶᠢᠯᠠᠯ ᠳᠤ 5.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠷᠠᠳ  ᠤᠨ ᠡᠵᠡᠩᠨᠡᠯᠲᠠ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠪᠦᠷᠢᠨ ᠳᠥᠯᠥᠵᠦ   ᠲᠠᠭᠤᠰᠬᠠᠬᠤ ᠶᠢ ᠪᠡᠶᠡᠯᠡᠭᠦᠯᠪᠡ᠃ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠰᠦᠯᠵᠢᠶᠡᠨ ᠤ ᠴᠠᠭᠠᠨ ᠰᠠᠷ᠎ᠠ ᠶᠢᠨ ᠪᠠᠷᠠᠭᠠᠨ ᠤ ᠨᠠᠶᠢᠷ᠂ ᠵᠤᠨ ᠤ ᠤᠯᠠᠷᠢᠯ ᠤᠨ ᠫᠢᠸᠤ᠋ ᠶᠢᠨ ᠪᠠᠶᠠᠷ᠂ ︽ᠬᠦᠨᠳᠡᠯᠡᠨ ᠭᠤᠤᠯ ᠤᠨ ᠤᠰᠤᠨ︾ ᠳᠠᠭᠤᠤ ᠬᠥᠭᠵᠢᠮ ᠤᠨ ᠦᠳᠡᠰᠢᠯᠡᠭᠡ ᠵᠡᠷᠭᠡ 90 ᠭᠠᠷᠤᠶ ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠨᠢ ᠨᠡᠶᠢᠲᠡ 5 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ ᠶᠠᠨᠵᠢᠩ ᠰᠢᠤᠸᠠᠢ ᠯᠦ ᠵᠡᠷᠭᠡ 2 ᠠᠵᠤ ᠠᠬᠤᠶᠢᠯᠠᠯ ᠨᠢ ᠠᠵᠤ ᠦᠶᠯᠡᠳᠪᠦᠷᠢ ᠠᠷᠠᠯᠵᠢᠶ᠎ᠠ ᠶᠢ ᠰᠠᠯᠭᠠᠬᠤ ᠶᠢ ᠪᠡᠶᠡᠯᠡᠭᠦᠯᠵᠦ᠂ ᠫᠢᠸᠤ᠋ ᠶᠢᠨ ᠵᠢᠵᠢᠭ ᠬᠦᠷᠢᠶᠡᠯᠡᠩ ᠨᠢ ᠣᠨᠴᠠᠯᠢᠭᠲᠤ ᠵᠡᠭᠡᠯᠢ ᠶᠢᠨ ᠲᠣᠭᠤᠷᠢᠭ ᠲᠤ ᠨᠢᠭᠡᠳᠦᠯᠲᠡᠶ ᠳ᠋ᠦᠩᠨᠡᠨ ᠪᠤᠳᠤᠬᠤ ᠶᠢ ᠪᠡᠶᠡᠯᠡᠭᠦᠯᠵᠦ᠂ 9 ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ ᠢ ᠤᠷᠤᠭᠤᠯᠤᠨ ᠠᠪᠴᠢᠷᠠᠵᠤ᠂ ᠴᠤᠤ ᠡᠾᠧ ᠵᠡᠭᠡᠯᠢ ᠶᠢᠨ ᠲᠣᠭᠤᠷᠢᠭ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠵᠡᠭᠡᠯᠢ ᠶᠢᠨ ᠲᠣᠭᠤᠷᠢᠭ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠤᠨ ᠲᠤᠷᠰᠢᠯᠲᠠ ᠶᠢᠨ ᠴᠡᠭ ᠰᠢᠨ᠎ᠡ ᠪᠠᠷ 6 ᠨᠡᠮᠡᠭᠳᠡᠪᠡ᠃      ︵ᠬᠤᠶᠠᠷ︶ ᠪᠦᠲᠦᠴᠡ ᠶᠢ ᠲᠤᠬᠢᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠢᠯᠡᠳᠲᠡ ᠴᠢᠩᠭᠠᠷᠠᠪᠠ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠪᠠ᠃ ᠠᠵᠤ ᠦᠶᠯᠡᠳᠪᠦᠷᠢ ᠶᠢᠨ ᠮᠡᠷᠭᠡᠵᠢᠯ ᠤᠨ ᠲᠥᠷᠥᠯ ᠤᠨ ᠥᠭᠡᠷᠡᠴᠢᠯᠡᠡ ᠪᠠᠶᠢᠭᠤᠯᠬᠤ ᠲᠥᠷᠥᠯ ᠵᠦᠶᠯ ᠢ 45 ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠶᠯᠡᠳᠪᠦᠷᠢ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ 4 ᠠᠵᠤ ᠠᠬᠤᠶᠢᠯᠠᠯ ᠢ ᠪᠠᠶᠢᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠤᠯᠤᠳ ᠲᠡᠮᠦᠷ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠳᠤ ᠦᠶᠯᠡᠴᠢᠯᠡᠬᠦ ᠶᠢᠨ ᠲᠣᠭᠤᠷᠢᠨ ᠳᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠵᠥᠩ ᠪᠦᠦ ᠺᠣᠮᠫᠠᠨᠢ ᠶᠢᠨ ᠵᠢᠯ ᠳᠤ 40 ᠲᠦᠮᠡᠨ ᠲᠣᠨ ᠤᠷᠢᠶᠠᠮᠠᠭ ᠪᠣᠯᠣᠳ ᠬᠤᠭᠤᠯᠠᠶ / ᠰᠢᠯᠤᠭᠤᠨ ᠵᠠᠭᠠᠳᠠᠰᠤᠲᠤ ᠪᠣᠯᠣᠳ ᠬᠤᠭᠤᠯᠠᠶ ᠵᠡᠷᠭᠡ ᠪᠤᠯᠤᠳ ᠲᠡᠮᠦᠷ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ 5 ᠲᠥᠷᠥᠯ ᠵᠦᠶᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠪᠣᠯᠣᠳ ᠲᠡᠮᠦᠷ ᠤᠨ ᠠᠵᠤ ᠦᠶᠯᠡᠰ ᠤᠨ ᠦᠶᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠤᠨ ᠬᠡᠪᠴᠢᠶᠠᠨ ᠳᠤ ᠲᠣᠭᠲᠠᠪᠤᠷᠢᠵᠢᠭᠤᠯᠪᠠ᠃ ᠪᠦᠬᠦ ᠪᠥᠮᠪᠥᠷᠴᠡᠭ ᠤᠨ ᠬᠠᠮᠤᠭ ᠤᠨ ᠲᠣᠮᠣ ᠤᠮᠠᠷᠠᠲᠤ ᠶᠢᠨ ᠬᠤᠪᠣᠷ ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠹᠸᠢ ᠳ᠋ᠠ ᠶᠢᠨ 5000 ᠲᠣᠨ ᠤ ᠬᠤᠪᠣᠷ ᠰᠢᠷᠣᠢ ᠶᠢ ᠳᠡᠰ ᠳᠡᠪᠰᠢᠭᠦᠯᠦᠨ ᠥᠭᠡᠷᠡᠴᠢᠯᠡᠬᠦ ᠲᠥᠷᠦᠯ ᠵᠦᠢᠯ ᠨᠢ ᠬᠠᠮᠤᠭ ᠤᠨ ᠶᠡᠭᠡ ᠦᠢᠯᠡᠳᠪᠦᠷᠢᠯᠡᠯ ᠤᠨ ᠬᠡᠮᠵᠢᠶ᠎ᠡ ᠶᠢ ᠪᠡᠶᠡᠯᠡᠬᠦᠯᠵᠦ᠂ ᠪᠦᠬᠦ ᠵᠢᠯ ᠤᠨ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 50 ᠳ᠋ᠦᠩᠰᠢᠭᠤᠷ ᠲᠥᠭᠦᠷᠢᠭ ᠲᠤ ᠬᠦᠷᠪᠡ᠃ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠬᠰᠠᠨ ᠠᠵᠤ ᠦᠢᠯᠡᠰ ᠲᠦᠷᠭᠡᠨ ᠪᠤᠵᠠᠭᠠᠶᠢᠷᠠᠪᠠ᠃ ᠰᠢᠨ ᠶᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ᠂ ᠮᠧᠢ ᠺᠧ ᠶᠢᠨ ᠭᠤᠷᠪᠠᠳᠤᠭᠠᠷ ᠬᠤᠭᠤᠴᠠᠭᠠᠨ ᠤ 20GW ᠤᠨ ᠲᠠᠩ ᠲᠠᠯᠠᠰᠲᠤ ᠤᠳᠠᠰᠤ ᠲᠠᠳᠠᠬᠤ ᠮᠤᠨᠠ ᠵᠡᠷᠭᠡ ᠲᠦᠷᠦᠯ ᠵᠦᠢᠯ ᠨᠢ ᠠᠰᠢᠭᠯᠠᠯᠲᠠ ᠳᠤ ᠣᠷᠣᠵᠤ᠂ ᠸᠧᠢ ᠡᠯ ᠤᠨ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠣᠶᠤᠨᠴᠢ ᠦᠢᠯᠡᠳᠬᠦ ᠲᠦᠷᠦᠯ ᠵᠦᠢᠯ ᠨᠢ ᠠᠩᠬᠠᠳᠠᠭᠴᠢ ︽ᠥᠪᠥᠷ ᠮᠣᠩᠭᠤᠯ ᠤᠨ ᠭᠤᠤᠯ ᠢᠯᠳᠠᠰᠤ︾ ᠶᠢ ᠦᠢᠯᠡᠳᠪᠦᠷᠢᠯᠡᠨ ᠭᠠᠷᠭᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ 6 ᠮᠢᠯᠢᠮᠧᠲᠷ ᠤᠨ ᠴᠠᠶᠢᠷ ᠬᠦᠩᠭᠡᠨᠴᠠᠭᠠᠨ ᠮᠠᠭᠨᠢ ᠶᠢᠨ ᠬᠠᠯᠠᠭᠤᠨ ᠢᠶᠠᠷ ᠦᠩᠭᠡᠯᠡᠬᠦ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠤᠷᠤᠭᠤᠯᠵᠤ᠂ ᠤᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠬᠤᠲᠠ ᠳᠤ ᠲᠦᠷᠦᠬᠦᠯᠡᠵᠦ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠦᠢᠯᠡᠳᠬᠦᠨ ᠤ ᠦᠷᠲᠡᠭ 350 ᠳ᠋ᠦᠩᠰᠢᠭᠤᠷ ᠲᠥᠭᠦᠷᠢᠭ ᠢ ᠳᠠᠪᠠᠪᠠ᠃ ᠯᠦᠩ ᠮᠠ ᠶᠢᠨ ᠲᠡᠭᠡᠳᠦ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠯᠠᠪᠳᠠᠭᠤᠨ ᠪᠠᠲᠤᠲᠠᠢ ᠠᠬᠢᠵᠤ᠂ ᠳ᠋ᠦᠩ ᠹᠠᠩ ᠹᠦ᠋ ᠴᠧᠨ ᠰᠠᠯᠬᠢᠨ ᠬᠦᠴᠦᠨ ᠤ ᠴᠠᠬᠢᠯᠭᠠᠨ ᠤ ᠲᠦᠷᠥᠯ ᠵᠦᠢᠯ ᠠᠰᠢᠭᠯᠠᠯᠲᠠ ᠳᠤ ᠣᠷᠣᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠳᠡᠭᠡᠭᠰᠢᠯᠡᠪᠡ᠃ ᠸᠠᠩ ᠹᠦ᠋ ᠵᠢᠩ · ᠪᠦᠷᠢᠨ ᠪᠠᠷᠠᠭᠠᠳᠤ ᠲᠤᠮᠤ ᠠᠰᠠᠷ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ ᠶᠢ ᠠᠬᠢᠭᠤᠯᠵᠤ᠂ ᠡᠤ ᠶᠤᠸᠠᠢ ᠰᠦᠯᠵᠢᠶᠡᠨ ᠤ ᠬᠠᠯᠠᠮᠰᠢᠯ ᠵᠡᠭᠡᠯᠢ ᠵᠡᠷᠭᠡ ᠣᠨᠴᠠᠯᠢᠭᠲᠤ ᠵᠡᠭᠡᠯᠢ ᠶᠢᠨ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ︽ᠲᠠᠯ᠎ᠠ ᠨᠤᠲᠤᠭ ᠯᠢ ᠰᠢᠨ︾ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠢᠭᠡᠳ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠪᠡ᠃ ᠰᠢᠨ ᠭᠠᠩ ᠶᠤᠸᠠᠨ ᠱᠦᠨ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ  ᠤᠨ ᠲᠡᠰ ᠤᠨ ᠵᠢᠱᠢᠶ᠎ᠡ ᠦᠵᠡᠭᠦᠯᠬᠦ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠪᠠ ᠤᠷᠤᠯᠠᠨ ᠲᠡᠭᠡᠭᠡᠪᠦᠷᠢᠯᠡᠭᠰᠡᠨ ᠣᠷᠣᠯᠭ᠎ᠠ 2.5 ᠳᠠᠬᠢᠨ ᠢᠶᠠᠷ ᠨᠡᠮᠡᠭᠳᠡᠪᠡ᠃ ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ ᠮᠠᠲ᠋ᠧᠷᠢᠶᠠᠯ ᠤᠨ ᠠᠵᠤ ᠦᠶᠯᠡᠰ ᠤᠨ ᠬᠡᠮᠵᠢᠯᠲᠡ ᠶᠢᠨ ᠬᠡᠮᠵᠢᠨ ᠲᠤᠷᠰᠢᠬᠤ ᠲᠥᠪ ᠢ ᠲᠦᠷᠭᠡᠳᠬᠡᠨ ᠪᠠᠶᠢᠭᠤᠯᠵᠤ᠂ ᠪᠠᠶᠢᠴᠠᠭᠠᠨ ᠰᠢᠯᠭᠠᠵᠤ ᠬᠡᠮᠵᠢᠬᠦ᠂ ᠭᠡᠷᠡᠴᠢᠯᠡᠬᠦ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠶᠯᠡᠴᠢᠯᠡᠭᠡ ᠬᠠᠩᠭᠠᠵᠤ ᠪᠤᠯᠬᠤ ᠶᠢ ᠪᠡᠶᠡᠯᠡᠬᠦᠯᠪᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ︽ᠺᠣᠮᠫᠠᠨᠢ + ᠬᠤᠷᠰᠢᠶ᠎ᠠ + ᠰᠠᠭᠤᠷᠢᠨ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠵᠦ᠂ ᠰᠧᠨ ᠲᠧᠩ ᠦᠬᠡᠷ ᠬᠤᠨᠢᠨ ᠮᠢᠬ᠎ᠠ ᠶᠢ ᠬᠥᠮᠥᠷᠭᠡᠯᠡᠨ ᠬᠠᠳᠠᠭᠠᠯᠠᠬᠤ ᠵᠢᠴᠢ ᠡᠳ᠋ᠰᠢᠭᠦᠯᠬᠦ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ᠂ ᠨᠢᠲᠤᠯᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠠᠠᠴᠠᠵᠢᠭᠤᠯᠥᠠᠠᠰᠠᠨ ᠠᠵᠤ ᠦᠶᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠵᠢᠶᠠᠨ ᠬᠤᠸᠠ ᠵᠢᠭᠦᠷᠲᠡᠨ ᠤ ᠦᠶᠯᠡᠰ᠂ ᠮᠧᠩ ᠶᠤᠸᠠᠨ ᠢᠳᠡᠰᠢᠨ ᠬᠤᠨᠢ ᠶᠢᠨ ᠡᠭᠦᠯᠳᠡᠷ ᠤᠨ ᠦᠶᠯᠡᠰ ᠨᠢ ᠲᠣᠰ ᠲᠣᠰ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ ᠬᠦᠷᠢᠶᠡᠯᠡᠩ ᠲᠣᠭᠤᠷᠢᠭ ᠤᠨ ᠰᠠᠭᠤᠷᠢ ᠦᠷᠭᠦᠯᠵᠢᠯᠡᠨ ᠰᠠᠶᠢᠵᠢᠷᠠᠪᠠ᠃ ᠪᠤᠭᠤᠲᠤ ᠶᠢᠨ ᠪᠣᠯᠣᠳ ᠲᠡᠮᠦᠷ ᠤᠨ ᠪᠠᠷᠠᠭᠤᠨ ᠵᠠᠮ ᠤᠨ ᠳᠤᠮᠳᠠ ᠬᠡᠰᠡᠭ ᠵᠡᠷᠭᠡ 4 ᠵᠤᠷᠪᠤᠰ ᠵᠠᠮ ᠤᠨ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠ 4 ᠵᠤᠷᠪᠤᠰ ᠴᠠᠬᠢᠯᠭᠠᠨ ᠬᠦᠴᠦᠨ ᠤ ᠱᠤᠭᠤᠮ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠴᠠᠬᠢᠭᠤᠷ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ ᠶᠢ ᠲᠥᠪᠯᠡᠷᠡᠭᠦᠯᠦᠨ ᠡᠭᠡᠭᠦᠯᠦᠨ ᠬᠡᠷᠡᠭᠯᠡᠵᠦ ᠰᠢᠶᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠨ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ 7.3 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠵᠦ᠂ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ ᠥᠷᠲᠡᠭ ᠢ 860 ᠳ᠋ᠦᠩᠰᠢᠭᠤᠷ ᠲᠥᠭᠦᠷᠢᠭ ᠲᠤ ᠬᠦᠷᠬᠡᠵᠦ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠤᠨ ᠢᠷᠠᠭᠤ ᠠᠯᠳᠠᠷ ᠢ ᠬᠦᠷᠲᠡᠪᠡ᠃     ︵ᠭᠤᠷᠪᠠ︶ ᠬᠥᠳᠡᠯᠭᠡᠬᠦ ᠬᠦᠴᠦᠨ ᠢ ᠨᠡᠮᠡᠭᠳᠡᠭᠦᠯᠦᠨ ᠠᠮᠢᠵᠢᠷᠠᠯ ᠤᠨ ᠬᠦᠴᠦᠨ ᠢ ᠬᠦᠭᠵᠢᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠦᠲᠦᠮᠵᠢᠲᠡᠢ ᠠᠬᠢᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ︽ᠬᠤᠣᠰ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ     11᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠰᠢᠨ᠎ᠡ ᠪᠠᠷ 32 ᠨᠡᠮᠡᠭᠳᠡᠬᠦᠯᠵᠦ᠂ ᠵᠢᠱᠢᠯᠲᠡ ᠪᠠᠷ ᠪᠦᠬᠦ ᠨᠡᠶᠢᠭᠡᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ 20% ᠠᠴᠠ ᠳᠡᠭᠡᠭᠰᠢ ᠨᠡᠮᠡᠭᠳᠡᠬᠦ ᠪᠣᠯᠤᠨ᠎ᠠ᠃ ᠳᠤᠮᠳᠠᠳᠤ ᠤᠯᠤᠰ ᠤᠨ ᠬᠤᠪᠣᠷ ᠰᠢᠷᠣᠶ ᠶᠢᠨ ᠰᠤᠳᠤᠯᠭᠠᠨ ᠤ ᠨᠡᠶᠢᠭᠡᠮᠯᠢᠭ ᠤᠨ ᠦᠶᠯᠡᠴᠢᠯᠡᠭᠡᠨ ᠤ ᠥᠷᠲᠡᠭᠡ᠂ ᠵᠧᠵᠢᠶᠠᠩ ᠶᠡᠭᠡ ᠰᠤᠷᠭᠠᠭᠤᠯᠢ — ᠪᠤᠭᠤᠲᠤ ᠶᠢᠨ ᠴᠠᠬᠢᠭᠤᠷ ᠤᠨ ᠮᠠᠲ᠋ᠧᠷᠢᠶᠠᠯ ᠤᠨ ᠬᠠᠮᠲᠤᠷᠠᠭᠰᠠᠨ ᠰᠤᠳᠤᠯᠭᠠᠨ ᠤ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠦᠶᠯᠡᠰ ᠪᠤᠰᠬᠠᠬᠤ ᠰᠠᠭᠤᠷᠢᠨ ᠢᠶᠠᠷ ᠦᠨᠡᠯᠡᠭᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠤ 16 ᠲᠥᠷᠥᠯ ᠵᠦᠶᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠰᠢᠨ᠎ᠡ ᠪᠠᠷ 4 ᠨᠡᠮᠡᠭᠳᠡᠪᠡ᠃ ᠪᠤᠭᠤᠲᠤ ᠶᠢᠨ ᠮᠡᠳᠡᠯᠭᠡ ᠶᠢᠨ ᠦᠮᠴᠢᠯᠡᠯ  ᠤᠨ ᠡᠷᠬᠡ ᠲᠥᠪᠯᠡᠷᠡᠭᠰᠡᠨ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠪᠣᠳᠠᠲᠤ ᠴᠣᠭᠴᠠᠴᠢᠯᠠᠭᠰᠠᠨ ᠦᠢᠯᠡᠴᠢᠯᠡᠭᠡ ᠬᠠᠩᠭᠠᠪᠠ᠃ ᠤᠯᠤᠰ ᠤᠨ  ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠲᠤᠭᠤᠷᠢᠭ ᠤᠨ ᠬᠠᠷᠢᠶ᠎ᠠ ᠨᠢᠭᠡᠳᠦᠭᠡᠷ ᠳᠡᠰ ᠤᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠨᠡᠶᠢᠳᠬᠡᠬᠦ ᠶᠢ ᠪᠡᠶᠡᠯᠡᠭᠦᠯᠵᠦ᠂ ︽ᠬᠦᠷᠢᠶᠡᠯᠡᠩ ᠲᠣᠭᠤᠷᠢᠭ + ᠬᠠᠮᠢᠶᠠᠷᠤᠯᠲᠠ ᠶᠢᠨ ᠵᠥᠪᠯᠡᠯ︾ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠨ  ᠲᠤᠮᠢᠯᠠᠬᠤ︾ ᠥᠭᠡᠷᠡᠴᠢᠯᠡᠯᠲᠡ ᠶᠢ ᠪᠥᠬᠦ ᠬᠤᠲᠠ ᠳᠤ ᠤᠷᠢᠳ ᠢᠶᠠᠷ ᠶᠠᠪᠤᠭᠳᠠᠭᠤᠯᠪᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 1410 ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠵᠦ᠂ 236 ᠵᠦᠢᠯᠡᠰ ᠢ  ᠳᠣᠷᠣᠭᠰᠢ ᠪᠠᠭᠤᠯᠭᠠᠨ ᠴᠣᠮᠬᠠᠳᠬᠠᠵᠤ᠂ 116 ᠵᠦᠢᠯ  ᠢ ︽ᠬᠤᠲᠠ ᠠᠯᠤᠰᠯᠠᠨ ᠬᠠᠷᠢᠯᠴᠠᠨ ᠭᠦᠶᠴᠡᠳᠬᠡᠬᠦ︾᠂ ︽ᠮᠤᠵᠢ ᠠᠯᠤᠰᠯᠠᠨ ᠨᠢᠬᠡᠳᠦᠯᠳᠡᠢ ᠭᠦᠶᠴᠡᠳᠬᠡᠵᠦ︾᠂ ︽ᠣᠶᠤᠨᠴᠢ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠬᠥᠨᠳᠡᠯᠡᠨ ᠲᠣᠭᠤᠷᠢᠭ ᠤᠨ ᠲᠥᠷᠥᠯ ᠲᠡᠮᠳᠡᠭ ᠢ ᠪᠠᠬᠢᠵᠢᠭᠦᠯᠦᠨ ᠳᠡᠭᠡᠭᠰᠢᠯᠡᠭᠦᠯᠵᠦ᠂ ᠪᠥᠬᠦ ᠵᠢᠯ ᠳᠤ 1.1 ᠲᠦᠮᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ 25% ᠪᠠᠷ ᠨᠡᠮᠡᠭᠳᠡᠪᠡ᠃     ︵ᠳᠥᠷᠪᠡ︶ ᠠᠭᠤᠯᠬᠤᠨ ᠢ ᠳᠡᠭᠡᠭᠰᠢᠯᠡᠭᠦᠯᠦᠨ ᠪᠠᠶᠢᠭᠤᠯᠤᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠦᠢᠯᠡᠳᠦᠯ ᠴᠢᠳᠡᠮᠵᠢ ᠨᠠᠩ ᠲᠡᠭᠦᠯᠳᠡᠷᠵᠢᠪᠠ᠃ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠪᠤᠷᠤ ᠬᠤᠰᠢᠭᠤ ᠦᠵᠦᠬᠦᠷ ᠵᠠᠮ ᠵᠡᠷᠭᠡ 6 ᠵᠤᠷᠪᠤᠰ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠢᠯᠴᠢ ᠬᠠᠩᠭᠠᠬᠤ᠂ ᠰᠢᠲᠠᠮᠠᠬᠠᠢ ᠬᠡᠢ᠂ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢ 462.4 ᠺᠢᠯᠦᠮᠧᠲᠷ ᠤᠬᠰᠠᠷᠠᠵᠤ᠂ 108 ᠬᠤᠷᠢᠶᠠᠯᠠᠯ᠂ 14 ᠲᠦᠮᠡᠨ ᠡᠷᠦᠬᠡ ᠶᠢᠨ ᠨᠡᠬᠦᠷᠡᠰᠦᠨ ᠬᠡᠢ ᠶᠢ ᠰᠢᠲᠠᠮᠠᠬᠠᠢ ᠬᠡᠢ ᠪᠠᠷ ᠰᠣᠯᠢᠬᠤ ᠠᠵᠢᠯ ᠢ ᠪᠦᠬᠦᠨ ᠢ ᠪᠡᠶᠡᠯᠡᠭᠦᠯᠪᠡ᠃ 74  ᠭᠠᠵᠠᠷ ᠲᠠᠬᠢ᠂ 121 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠡ ᠰᠢᠨᠡᠳᠭᠡᠵᠦ᠂ ᠣᠯᠠᠨ ᠨᠡᠶᠢᠲᠡ ᠶᠢᠨ  ᠤᠷᠤᠨ ᠪᠦᠰᠡ ᠳᠤ 980 ᠴᠠᠬᠢᠯᠭᠠᠨ ᠴᠡᠨᠡᠭᠯᠡᠬᠦ ᠱᠤᠩ ᠢ ᠰᠢᠨ᠎ᠡ ᠪᠠᠷ ᠪᠠᠶᠢᠭᠤᠯᠵᠤ᠂ ᠪᠦᠯᠬᠦᠮᠳᠡᠯ 11 ᠳ᠋ᠤᠭᠡᠷ ᠨᠡᠶᠢᠭᠡᠮ ᠲᠣᠭᠤᠷᠢᠭ ᠨᠢ ᠪᠦᠬᠦ ᠤᠯᠤᠰ ᠤᠨ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ 24 ᠭᠠᠵᠠᠷ ᠲᠤ ᠵᠢᠵᠢᠭ ᠪᠢᠴᠢᠯ ᠵᠦᠯᠬᠡᠨ ᠭᠠᠵᠠᠷ᠂ 20 ᠭᠠᠵᠠᠷ ᠲᠤ ᠠᠷᠠᠳ ᠲᠤ ᠳᠥᠭᠦᠮ ᠦᠵᠡᠭᠦᠯᠬᠦ ᠴᠡᠴᠡᠷᠯᠢᠭ ᠢ ᠪᠠᠶᠢᠭᠤᠯᠵᠤ᠂ ᠬᠤᠲᠠ ᠶᠢᠨ  ᠵᠦᠯᠬᠡᠨ ᠭᠠᠵᠠᠷ ᠢ ᠰᠢᠨ᠎ᠡ ᠪᠠᠷ 7 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠪᠠ᠃ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠪᠠ᠃ ᠬᠤᠲᠠ ᠶᠢᠨ 2 ᠲᠦᠮᠡ ᠭᠠᠷᠤᠶ ᠭᠠᠵᠠᠷ ᠲᠠᠬᠢ ︽ᠵᠢᠷᠭᠤᠭᠠᠨ ᠡᠷᠦᠢ ᠬᠤᠷᠤᠢ ᠦᠬᠡᠢ︾  ᠪᠠᠶᠢᠳᠠᠯ ᠢ ᠴᠡᠪᠡᠷᠯᠡᠨ ᠴᠡᠭᠴᠡᠯᠡᠵᠦ᠂ 14 ᠵᠤᠷᠪᠤᠰ  ᠪᠤᠶᠢᠳᠡ ᠪᠦᠭᠯᠡᠬᠦᠦ ᠵᠡᠭᠡᠯᠢ ᠭᠤᠳᠤᠮᠵᠢ ᠶᠢ ᠶᠡᠷᠦᠩᠬᠡᠶᠢᠯᠡᠨ ᠴᠡᠭᠴᠡᠯᠡᠨ ᠵᠠᠰᠠᠪᠠ᠃ ᠤᠶᠤᠨᠲᠤ ᠬᠥᠨᠳᠡᠯᠡᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢ ᠬᠤᠷᠠᠮᠳᠤᠭᠤᠯᠤᠬᠰᠠᠨ ᠳᠠᠪᠠᠭᠤᠯᠢᠭ ᠢ ᠪᠠᠳᠠᠷᠠᠭᠤᠯᠵᠤ᠂ 15 ᠵᠦᠢᠯ ᠤᠨ ᠬᠤᠲᠠ ᠶᠢᠨ ᠬᠠᠮᠢᠶᠠᠷᠤᠯᠲᠠ ᠬᠡᠷᠡᠭᠯᠡᠭᠡᠨ ᠤ ᠦᠵᠡᠭᠳᠡᠯ ᠪᠠᠶᠢᠳᠠᠯ ᠢ ᠡᠬᠦᠳᠪᠡ᠃ 25 ︽ᠬᠤᠪᠢᠰᠬᠠᠯᠲᠦ ᠠᠳᠠᠯ ᠠᠬᠤᠢ ᠶᠢᠨ ᠬᠠᠮᠢᠶᠠᠷᠤᠯᠳᠠ︾ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ 68 ᠦᠮᠴᠢᠳᠡᠨ ᠤ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ     ᠵᠥᠪᠯᠡᠯ︶ ᠢ ᠰᠢᠨ᠎ᠡ ᠪᠠᠷ ᠨᠡᠮᠡᠭᠳᠡᠭᠦᠯᠪᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠯᠠᠪᠳᠠᠭᠤᠨ ᠪᠠᠲᠤᠲᠠᠶ ᠪᠦᠲᠦᠭᠡᠨ ᠪᠠᠶᠢᠭᠤᠯᠪᠠ᠃ ︽ᠲᠠᠪᠤᠵᠢᠭᠤᠯᠬᠤ ᠳᠥᠷᠪᠡᠨ  ᠭᠤᠶᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠣᠬᠢᠷ ᠤᠰᠤᠨ ᠤ ᠬᠤᠭᠤᠯᠠᠢ ᠶᠢ 1 ᠲᠦᠮᠡᠨ ᠮᠧᠲᠷ ᠤᠬᠰᠠᠷᠠᠵᠤ᠂ 504 ᠡᠷᠦᠬᠡ ᠳᠤ ᠡᠷᠡᠬᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ ᠦᠭᠬᠦᠨ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠭᠰᠠᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠵᠦ᠂ ᠬᠤᠣᠷ ᠥᠬᠡᠶᠢᠳᠡᠭᠦᠯᠦᠭᠰᠡᠨ ᠠᠷᠢᠭᠤᠨ ᠴᠡᠪᠡᠷ ᠵᠣᠷᠯᠣᠩ ᠢ ᠲᠦᠭᠡᠮᠡᠯᠵᠢᠬᠦᠯᠦᠭᠰᠡᠨ ᠨᠣᠷᠮ᠎ᠠ ᠶᠢ 93.2% ᠳᠤ ᠬᠦᠷᠭᠡᠪᠡ᠃ ᠤᠯᠠᠯᠵᠢ ᠭᠤᠷᠪᠠᠳᠤᠭᠠᠷ ᠲᠣᠰᠬᠤᠨ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠨᠡᠷᠡᠰ ᠲᠤ ᠰᠣᠩᠭᠤᠭᠳᠠᠵᠤ᠂ ︽ᠤᠯᠠᠯᠵᠢ ᠶᠢᠨ ᠰᠠᠭᠤᠭᠳᠠᠯ︾ ᠨᠢ ᠳᠤᠮᠳᠠᠳᠤ ᠤᠯᠤᠰ ᠤᠨ ᠲᠣᠰᠬᠤᠨ ᠤ ᠳᠠᠭᠤᠤ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠥᠷᠳᠡᠪᠡ᠃     ︵ᠲᠠᠪᠤ︶ ᠬᠠᠮᠠᠭᠠᠯᠠᠯᠲᠠ ᠶᠢ ᠴᠢᠩᠭᠠᠳᠬᠠᠨ ᠵᠠᠰᠠᠯᠲᠠ ᠶᠢ ᠴᠢᠬᠤᠯᠠᠴᠢᠯᠠᠵᠤ᠂ ᠠᠮᠢ ᠠᠬᠤᠢ ᠣᠷᠴᠢᠨ  ᠲᠤᠭᠤᠷᠢᠨ ᠦᠷᠭᠦᠯᠵᠢᠯᠡᠨ ᠰᠠᠶᠢᠵᠢᠷᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠠ᠃ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠤᠨ ᠤ ᠦᠶᠯᠡᠳᠪᠦᠷᠢ ᠶᠢᠨ ᠲᠡᠮᠦᠷᠯᠢᠭ ᠬᠠᠶᠢᠯᠤᠭᠤᠯᠬᠤ ᠣᠷᠣᠨ ᠪᠦᠰᠡ ᠶᠢᠨ ᠲᠣᠭᠤᠰᠣ ᠲᠤᠷᠳᠠᠭ ᠢ ᠠᠷᠢᠯᠭᠠᠬᠤ ᠵᠡᠷᠭᠡ ᠬᠡᠲᠦ ᠳᠤᠤᠷ᠎ᠠ ᠭᠠᠳᠠᠭᠰᠢᠯᠠᠭᠤᠯᠬᠤ ᠪᠤᠯᠭᠠᠨ ᠥᠭᠡᠷᠡᠴᠢᠯᠡᠬᠦ 26 ᠢᠨᠵᠧᠨᠧᠷᠢᠩ᠂ 5.1 ᠲᠦᠮᠡᠨ ᠲᠡᠭᠰᠢ ᠳᠥᠷᠪᠡᠯᠵᠢᠨ ᠮᠧᠲᠷ ᠲᠤ ᠴᠡᠪᠡᠷ ᠳᠤᠯᠠᠭᠠᠯᠠᠭ᠎ᠠ ᠪᠤᠯᠭᠠᠨ ᠦᠬᠡᠷᠡᠴᠢᠯᠡᠬᠦ ᠶᠢ ᠪᠡᠶᠡᠯᠡᠭᠦᠯᠵᠦ  ᠂ 44 ᠭᠠᠵᠠᠷ ᠲᠠᠬᠢ ᠲᠣᠭᠤᠰᠣ ᠳᠡᠭᠳᠡᠬᠦ᠂ ︽ᠰᠤᠯᠠ ᠪᠤᠳᠠᠷᠬᠠᠢ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ 27 ᠠᠵᠤ ᠠᠬᠤᠶᠢᠯᠠᠯ   ᠤᠨ ᠪᠣᠬᠢᠷᠲᠤᠯ ᠢ ᠵᠠᠰᠠᠵᠤ᠂ ᠠᠭᠠᠷ ᠤᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ ᠪᠤᠭᠤᠲᠤ ᠶᠢᠨ ᠪᠣᠯᠣᠳ ᠲᠡᠮᠦᠷ ᠤᠨ ᠶᠡᠷᠦᠩᠬᠡᠶ ᠭᠠᠳᠠᠭᠰᠢᠯᠠᠭᠤᠯᠬᠤ ᠪᠣᠬᠢᠷ ᠤᠰᠤ ᠶᠢ ᠶᠡᠷᠦᠩᠬᠡᠶᠢᠯᠡᠨ ᠵᠠᠰᠠᠬᠤ ᠵᠡᠷᠭᠡ ᠤᠰᠤᠨ ᠤ ᠪᠣᠬᠢᠷᠲᠤᠯ ᠢ ᠵᠠᠰᠠᠬᠤ ᠲᠥᠷᠥᠯ ᠵᠦᠶᠯ ᠢ ᠪᠡᠶᠡᠯᠡᠭᠦᠯᠵᠦ᠂ ︽ᠪᠣᠷᠣᠭᠠᠨ ᠤ ᠤᠰᠤ ᠪᠣᠬᠢᠷ ᠤᠰᠤ ᠶᠢ ᠰᠠᠯᠭᠠᠨ ᠤᠷᠤᠰᠬᠠᠬᠤ ᠶᠢ ᠶᠡᠷᠦᠩᠬᠡᠶᠢᠯᠡᠨ ᠵᠠᠰᠠᠬᠤ ᠪᠤᠭᠤᠮᠲᠠ ᠰᠢᠪᠲᠤᠯᠬᠤ ᠠᠵᠢᠯᠯᠠᠭ᠎ᠠ︾ ᠶᠢ ᠪᠥᠬᠦ ᠲᠠᠯ᠎ᠠ ᠪᠠᠷ ᠶᠠᠪᠤᠭᠳᠠᠭᠤᠯᠵᠤ᠂ ᠪᠣᠷᠣᠭᠠᠨ ᠤ ᠤᠰᠤ ᠪᠣᠬᠢᠷ ᠤᠰᠤ ᠠᠭᠤᠯᠵᠠᠨ ᠬᠤᠯᠢᠯᠳᠤᠬᠤ 378 ᠴᠡᠭ ᠢ ᠪᠢᠲᠡᠭᠦᠮᠵᠢᠯᠡᠨ ᠪᠥᠭᠯᠡᠵᠦ᠂ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠠᠷᠢᠮᠵᠢᠶ᠎ᠠ ᠳᠤ ᠭᠦᠷᠦᠭᠰᠡᠨ ᠨᠣᠷᠮ᠎ᠠ ᠶᠢ 100% ᠳᠤ ᠬᠦᠷᠭᠡᠪᠡ᠃ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ 11 ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠡᠩ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠵᠠᠭᠤᠨ ᠤ ᠬᠠᠷᠢᠴᠠᠯ ᠢᠶᠠᠷ 6.7 ᠬᠤᠪᠢ ᠳᠡᠭᠡᠭᠰᠢᠯᠡᠭᠦᠯᠪᠡ᠃ ᠨᠡᠭᠦᠷᠡᠰᠦᠲᠥ᠋ᠷᠥᠭᠴᠢ   ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠪᠠ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ 20 ᠲᠥᠷᠥᠯ ᠵᠦᠶᠯ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ 20 ᠨᠢᠬᠡᠴᠢ ᠳᠤ ᠬᠢᠨᠠᠨ ᠬᠡᠮᠵᠢᠯᠲᠡ ᠬᠢᠵᠦ᠂ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠤᠨ ᠤ ᠦᠶᠯᠡᠳᠪᠦᠷᠢ ᠵᠡᠷᠭᠡ 8᠂ 43.3MW ᠤᠨ ᠬᠡᠷ ᠤᠨ ᠣᠷᠣᠶ ᠶᠢᠨ ᠬᠡᠷᠡᠯ ᠴᠡᠨᠡᠭ ᠤᠨ ᠲᠥᠷᠥᠯ ᠵᠦᠶᠯ ᠢ ᠲᠤᠤᠷ ᠲᠤ ᠨᠡᠶᠢᠯᠡᠭᠦᠯᠦᠨ ᠠᠵᠢᠯᠯᠠᠭᠤᠯᠪᠠ᠃ 153 ᠰᠠᠭᠤᠷᠢ᠂ 60.5 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 61 ᠪᠠᠭ᠎ᠠ ᠨᠡᠭᠦᠷᠡᠰᠦᠲᠥ᠋ᠷᠥᠭᠴᠢᠲᠦ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ 23 ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠪᠠ᠃ ᠪᠦᠬᠦ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ 5 ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠠᠬᠢᠭᠤᠯᠵᠤ᠂ ᠬᠥᠨᠳᠡᠯᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠵᠡᠷᠭᠡ 3 ᠲᠥᠷᠥᠯ ᠵᠦᠶᠯ ᠢ ᠨᠢᠭᠡᠨᠲᠡ ᠪᠠᠶᠢᠭᠤᠯᠵᠤ ᠳᠠᠭᠤᠰᠬᠠᠵᠤ᠂ 9000 ᠮᠥ ᠣᠶ ᠰᠢᠭᠤᠶ ᠶᠢ ᠠᠷᠠᠴᠢᠯᠠᠨ ᠬᠠᠮᠠᠭᠠᠯᠠᠵᠤ᠂ ᠬᠥᠮᠦᠨ ᠤ ᠬᠦᠴᠦ ᠪᠠᠷ 3400 ᠮᠥ ᠣᠶᠢᠵᠢᠭᠤᠯᠵᠤ᠂ ᠨᠤᠲᠤᠭ ᠪᠡᠯᠴᠢᠭᠡᠷ ᠪᠠ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 45% ᠪᠠ 16.4% ᠳᠤ ᠬᠦᠷᠭᠡᠪᠡ᠃ ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠢ ᠭᠦᠨᠵᠡᠭᠡᠶ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ᠂ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠰᠡᠷᠡᠮᠵᠢᠯᠡᠬᠦᠯᠬᠦ ᠹᠢᠯᠢᠮ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ 15 ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃     ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠪᠣᠳᠠᠲᠤ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠲᠡᠢ ᠪᠠᠲᠤᠯᠠᠪᠠ᠃ ᠪᠦᠬᠦ ᠵᠢᠯ ᠤᠨ ᠠᠷᠠᠳ ᠤᠨ ᠠᠮᠢᠳᠤᠷᠠᠯ ᠳᠤ ᠵᠠᠷᠤᠴᠠᠭᠤᠯᠤᠬᠰᠠᠨ ᠵᠠᠷᠤᠯᠭ᠎ᠠ 40 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 82.9% ᠶᠢ ᠡᠵᠡᠯᠡᠪᠡ︔  ᠠᠷᠠᠳ ᠤᠷᠭᠤᠮᠠᠯ ᠤᠨ ᠬᠦᠷᠢᠶᠡᠯᠡᠩ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠲᠣᠭᠤᠷᠢᠭ ᠤᠨ ᠲᠠᠰ ᠤᠨ 10 ᠲᠦᠷᠦᠯ ᠵᠦᠢᠯ᠂ ᠵᠡᠭᠡᠯᠢ ᠭᠤᠳᠤᠮᠵᠢ ᠶᠢᠨ ᠲᠠᠰ ᠤᠨ19 ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠪᠦᠬᠦᠨ ᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠥᠨᠳᠦᠷᠯᠢᠭ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠰᠤᠷᠭᠠᠨ ᠬᠥᠮᠦᠵᠢᠯ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ 24 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨ ᠪᠠᠭ᠎ᠠ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ 2800 ᠰᠤᠷᠤᠬᠴᠢ ᠶᠢᠨ ᠤᠷᠤ ᠶᠢ ᠰᠢᠨ᠎ᠡ ᠪᠠᠷ ᠨᠡᠮᠡᠭᠳᠡᠭᠦᠯᠪᠡ᠃ ︽ᠰᠤᠷᠭᠠᠭᠤᠯᠢ ᠶᠢᠨ ᠲᠤᠭᠤᠷᠢᠭ ᠤᠨ ᠬᠢ ᠪᠤᠯᠭᠠᠬᠤ᠂ ᠭᠤᠣᠯ ᠰᠤᠷᠭᠠᠭᠤᠯᠢ᠂ ᠴᠤᠭᠯᠠᠷᠠᠯ ᠮᠠᠶ᠋ᠢᠭ︾    ᠤᠨ 10 ᠰᠤᠷᠭᠠᠨ ᠬᠥᠮᠦᠵᠢᠯ ᠤᠨ ᠪᠦᠯᠦᠭᠯᠡᠯ ᠤᠨ ᠦᠯᠢᠭᠡᠷ ᠭᠡᠪ ᠢ ᠡᠭᠦᠳᠴᠦ᠂ 2023 ᠣᠨ ᠤ ᠪᠦᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠵᠢᠱᠢᠶ᠎ᠡ ᠲᠣᠭᠤᠷᠢᠭ ︵ᠰᠢᠶᠠᠨ︶ ᠤᠨ ᠢᠷᠠᠭᠤ ᠠᠯᠳᠠᠷ ᠢ ᠬᠦᠷᠳᠡᠵᠦ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠭᠤᠷᠢᠭ ᠢᠶᠠᠷ ᠰᠣᠩᠭᠤᠭᠳᠠᠪᠠ᠃ ᠡᠮ ᠡᠮᠨᠡᠯᠬᠡ ᠶᠢᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠠᠭᠢᠪᠠ᠃ ᠬᠤᠲᠠ ᠶᠢᠨ 2 ᠨᠢᠭᠲᠠ ᠬᠡᠯᠪᠡᠷᠢ ᠪᠦᠬᠦᠢ ᠡᠮᠴᠢᠯᠡᠭᠡᠨ ᠤ ᠪᠦᠯᠦᠭᠯᠡᠯ ᠢ ᠪᠠᠶᠢᠭᠤᠯᠵᠤ᠂ ᠦᠨᠳᠦᠰᠦᠨ ᠱᠠᠲᠤᠨ ᠤ 5 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠬᠤᠲᠠ ᠶᠢᠨ ᠱᠠᠲᠤᠨ ᠤ ᠪᠠᠲᠤᠯᠠᠨ ᠲᠠᠨᠢᠯᠴᠠᠭᠤᠯᠬᠤ ᠪᠠᠷᠢᠮᠵᠢᠶ᠎ᠠ ᠳᠤ ᠬᠦᠷᠬᠡᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠨᠠᠶᠢᠳᠠᠨ ᠠᠰᠠᠷᠠᠭᠤᠯᠬᠤ ᠦᠶᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠦᠬᠡᠳ ᠰᠠᠭᠠᠲᠠᠭᠤᠯᠬᠤ ᠣᠷᠣ 877 ᠰᠢᠨ᠎ᠡ ᠪᠠᠷ ᠨᠡᠮᠡᠭᠳᠡᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠬᠡᠦᠬᠡᠳ ᠰᠠᠭᠠᠲᠠᠭᠤᠯᠬᠤ ᠣᠷᠣ ᠶᠢᠨ ᠪᠥᠬᠦ ᠲᠤᠭ᠎ᠠ ᠪᠥᠬᠦ ᠬᠤᠲᠠ ᠳᠤ ᠲᠦᠷᠦᠬᠦᠯᠡᠪᠡ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ   ᠦᠶᠯᠡᠴᠢᠯᠡᠭᠡᠨ ᠤ ᠲᠥᠪ ᠢ 76 ᠪᠠᠶᠢᠭᠤᠯᠵᠤ᠂ ᠪᠥᠬᠦ ᠬᠤᠲᠠ ᠶᠢᠨ ᠠᠩᠬᠠᠳᠠᠭᠴᠢ ︽ᠠᠷᠠᠳ ᠤᠨ ᠶᠠᠪᠤᠳᠠᠯ + ᠡᠮᠨᠡᠯᠭᠡ ᠶᠢᠨ ᠬᠤᠷᠢᠶ᠎ᠠ + ᠨᠠᠰᠤᠵᠢᠯ ᠤᠨ ᠠᠰᠠᠷᠠᠮᠵᠢ︾ ᠶᠢᠨ ᠡᠮᠨᠡᠬᠦ ᠪᠤᠯᠤᠨ ᠰᠤᠪᠢᠯᠠᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠤᠯᠪᠣᠭ᠎ᠠ ᠶᠢ ᠪᠠᠶᠢᠭᠤᠯᠵᠤ᠂ ᠪᠣᠯᠣᠳ 36 ᠳ᠋ᠤᠭᠠᠷ᠂ ᠪᠣᠯᠣᠳ 38 ᠳ᠋ᠤᠭᠠᠷ ᠨᠡᠶᠢᠭᠡᠮ ᠲᠣᠭᠤᠷᠢᠭ ᠨᠢ ᠤᠯᠤᠰ ᠤᠨ ᠲᠠᠰ ᠤᠨ ᠨᠠᠰᠤᠲᠠᠶᠢᠴᠤᠳ ᠲᠤ ᠨᠥᠬᠦᠷᠰᠡᠭ ᠮᠠᠶ᠋ᠢᠭ  ᠤᠨ ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠣᠯᠪᠠ᠃ ︽ᠭᠠᠶᠢᠬᠠᠮᠰᠢᠬᠲᠦ ᠬᠥᠨᠳᠡᠯᠡᠨ︾᠂ ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ 460 ᠭᠠᠷᠤᠶ ᠲᠠᠯᠠᠪᠠᠶ ᠡᠷᠭᠢᠯᠡᠵᠦ᠂ ᠲᠣᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ ᠨᠢ ᠳᠠᠬᠢᠨᠲᠠ ᠤᠯᠤᠰ ᠤᠨ ᠨᠢᠭᠡᠳᠦᠭᠡᠷ ᠳᠡᠰ ᠤᠨ ᠣᠷᠳᠣᠨ ᠢᠶᠠᠷ ᠦᠨᠡᠯᠡᠭᠳᠡᠵᠦ᠂ ᠨᠠᠶᠢᠷᠠᠯ ᠬᠥᠭᠵᠢᠮ ︽ᠶᠡᠭᠡ ᠭᠤᠤᠯ ᠤᠨ ᠲᠠᠭᠤᠨ︾ ᠨᠢ ᠠᠷᠪᠠᠨ ᠭᠤᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ︽ᠰᠠᠷᠠᠨ᠎ᠠ︾ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ ᠶᠢᠨ ᠱᠠᠩᠨᠠᠯ ᠢ ᠭᠥᠷᠳᠡᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠤ ᠲᠤᠮᠳᠠ ᠰᠠᠶᠢᠵᠢᠷᠠᠪᠠ᠃ ᠪᠦᠬᠦ ᠵᠢᠯ ᠳᠤ ᠬᠤᠲᠠ ᠪᠠᠯᠭᠠᠰᠤᠨ ᠤ 1.2 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 4% ᠳᠣᠲᠣᠷ᠎ᠠ ᠬᠢᠵᠠᠭᠠᠷᠯᠠᠪᠠ︔ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠠᠰ ᠤᠨ ︽ᠤᠶᠤᠲᠠᠳ ᠤᠨ ᠳᠠᠳᠤᠯᠭ᠎ᠠ ᠬᠢᠵᠦ ᠦᠶᠯᠡᠳᠦᠯᠭᠡ ᠳᠤ ᠤᠷᠤᠯᠴᠠᠬᠤ ᠠᠵᠢᠯ ᠤᠯᠭᠤᠯᠲᠠ ᠶᠢᠨ ᠦᠶᠯᠡᠴᠢᠯᠡᠭᠡᠨ ᠤ ᠰᠠᠭᠤᠷᠢᠨ︾ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠴᠠᠬᠢᠭᠤᠷ ᠤᠨ ᠮᠠᠲ᠋ᠧᠷᠢᠶᠠᠯ ᠤᠨ  ᠠᠵᠢᠯᠯᠠᠬᠴᠢ︾ ᠬᠥᠳᠡᠯᠮᠦᠷᠢ ᠦᠶᠯᠡᠴᠢᠯᠡᠭᠡᠨ ᠤ ᠲᠥᠷᠥᠯ ᠲᠡᠮᠳᠡᠭ ᠢ ᠡᠭᠦᠳᠪᠡ᠃ ᠪᠥᠬᠦ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠬᠤ ᠬᠡᠪᠴᠢᠶ᠎ᠡ ᠶᠢ 8400 ᠬᠥᠮᠦᠨ ᠰᠢᠨ᠎ᠡ ᠪᠠᠷ ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠦᠩᠬᠦ ᠶᠢᠨ ᠪᠠᠯᠠ ᠮᠥᠩᠭᠦ ᠶᠢ 11.9 ᠳ᠋ᠦᠩᠰᠢᠭᠤᠷ ᠲᠥᠭᠦᠷᠢᠭ ᠲᠠᠷᠬᠠᠭᠠᠪᠠ᠃ ᠠᠮᠢᠳᠦᠷᠠᠯ ᠨᠢ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢ 1954 ᠲᠦᠮᠡᠨ ᠲᠥᠭᠦᠷᠢᠭ ᠲᠠᠷᠬᠠᠭᠠᠵᠤ᠂ ︽ᠰᠡᠳᠬᠢᠯ ᠢ ᠳᠤᠯᠠᠭᠠᠴᠠᠭᠤᠯᠬᠤ ᠨᠡᠶᠢᠭᠡᠮ ᠤᠨ ᠪᠠᠲᠤᠯᠠᠭ᠎ᠠ︾ ᠶᠢᠨ ᠦᠶᠯᠡᠴᠢᠯᠡᠭᠡᠨ ᠤ 5 ᠲᠥᠷᠥᠯ ᠲᠡᠮᠳᠡᠭ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠬᠢᠨᠠᠨ ᠰᠢᠯᠭᠠᠯᠲᠠ ᠳᠤ ᠤᠷᠤᠭᠰᠢᠲᠠᠶ ᠬᠢᠷᠢ ᠲᠡᠩᠴᠡᠪᠡ᠃      ︵ᠳᠣᠯᠤᠭ᠎ᠠ︶ ᠦᠷ᠎ᠡ ᠪᠦᠲᠦᠮᠵᠢ ᠴᠢᠳᠡᠪᠦᠷᠢ ᠶᠢ ᠳᠡᠭᠡᠭᠰᠢᠯᠡᠭᠦᠯᠦᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨ ᠢ ᠪᠠᠳᠤᠯᠠᠪᠠ᠃  ᠪᠦᠬᠦ ᠬᠤᠲᠠ ᠶᠢᠨ ᠬᠡᠪᠴᠢᠶᠡᠨ ᠤ ᠵᠠᠰᠠᠯᠲᠠ ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠪᠡ᠃ ︽ᠵᠡᠭᠡᠯᠢ ᠭᠤᠳᠤᠮᠵᠢ ᠪᠠᠯᠭᠠᠰᠤ ᠠᠴᠠ     ᠠᠰᠠᠭᠤᠳᠠᠯ ᠢ ᠢᠯᠡᠷᠡᠬᠦᠯᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠵᠤ ᠰᠢᠢᠳᠪᠦᠷᠢᠯᠡᠬᠦ︾ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠵᠢᠯ ᠳᠤ ︽12345︾ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠳᠠᠰᠤ ᠪᠠᠷ ᠲᠤᠰᠬᠠᠬᠰᠠᠨ 14 ᠲᠦᠮᠡᠨ ᠬᠤᠪᠢ ᠤᠴᠢᠷ ᠶᠠᠪᠤᠳᠠᠯ ᠢ ᠭᠦᠶᠴᠡᠳᠬᠡᠵᠦ ᠳᠠᠭᠤᠰᠬᠠᠪᠠ᠃ ᠤᠶᠤᠨᠲᠤ ᠬᠥᠨᠳᠡᠯᠡᠨ ᠲᠠᠪᠴᠠᠩ ᠨᠢ ᠬᠤᠲᠠ ᠶᠢᠨ ᠠᠵᠢᠯᠯᠠᠭᠠᠨ ᠢ ︽ᠨᠢᠭᠡ ᠳᠡᠯᠭᠡᠴᠡ ᠪᠠᠷ  ᠪᠦᠷᠢᠨ ᠦᠵᠡᠬᠦ︾᠂ ᠦᠨᠳᠦᠰᠦᠨ ᠱᠠᠲᠤᠨ ᠤ ᠵᠠᠰᠠᠯᠲᠠ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠂ ᠳ᠋ᠠᠶᠢᠲ᠋ᠠ ᠶᠢᠨ ᠡᠬᠢ ᠪᠠᠶᠠᠯᠢᠭ ᠢ ︽ᠨᠢᠭᠡ ᠰᠦᠯᠵᠢᠶ᠎ᠡ ᠪᠠᠷ ᠬᠠᠮᠳᠤ ᠪᠠᠷ ᠬᠡᠷᠡᠭᠯᠡᠬᠦ︾ ᠶᠢ ᠪᠡᠶᠡᠯᠡᠭᠦᠯᠵᠦ᠂ ᠢᠷᠠᠭᠤ ᠠᠯᠳᠠᠷ ᠲᠠᠢ ᠪᠠᠷ 2023 ᠣᠨ ᠤ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠩᠭᠤᠬᠳᠠᠪᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠮᠤᠷ ᠠᠮᠤᠭᠤᠯᠠᠩᠲᠦ ᠬᠥᠨᠳᠡᠯᠡᠨ ᠤ ᠪᠠᠶᠢᠭᠤᠯᠤᠯᠲᠠ ᠯᠠᠪᠳᠠᠭᠤᠨ ᠪᠠᠲᠤᠲᠠᠶ ᠠᠬᠢᠪᠠ᠃ ᠴᠠᠭᠳᠠᠭᠠᠨ ᠤ ᠶᠠᠪᠤᠳᠠᠯ ᠤᠨ ᠲᠤᠤᠷᠵᠢᠯ ᠪᠠ ᠨᠡᠶᠢᠬᠡᠮ ᠤᠨ ᠵᠠᠰᠠᠯᠲᠠ ᠶᠢᠨ ᠲᠤᠤᠷᠵᠢᠯ ᠤᠨ ᠠᠭᠤᠰᠤᠯᠴᠠᠯ ᠢ ᠢᠳᠡᠪᠬᠢᠲᠡᠶ ᠰᠠᠶᠢᠲᠤᠷ ᠬᠢᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠲᠣᠮᠢᠯᠠᠭᠰᠠᠨ     ᠰᠠᠯᠪᠤᠷᠢ᠂ ︽24 ᠴᠠᠭ ᠤᠨ ᠬᠦᠮᠦᠨ ᠥᠬᠡᠶ ᠴᠠᠭᠳᠠᠭᠠᠨ ᠤ ᠲᠣᠪᠴᠢᠶ᠎ᠠ︾ ᠶᠢ ᠪᠠᠶᠢᠩᠭᠤᠵᠢᠭᠤᠯᠤᠨ    ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠡᠰᠡᠷᠭᠦᠴᠡᠬᠦ ᠵᠡᠭᠡᠯᠢ ᠶᠢᠨ ᠲᠣᠭᠤᠷᠢᠭ᠂ ᠪᠥᠬᠦ ᠬᠤᠲᠠ ᠶᠢᠨ ᠠᠩᠬᠠᠳᠠᠭᠴᠢ ᠮᠡᠬᠡᠯᠡᠯ ᠥᠬᠡᠶ ᠨᠡᠶᠢᠭᠡᠮ ᠲᠣᠭᠤᠷᠢᠭ ᠢ ᠪᠠᠶᠢᠭᠤᠯᠵᠤ᠂ ᠪᠥᠬᠦ ᠲᠤᠭᠤᠷᠢᠭ ᠤᠨ ᠡᠷᠡᠭᠦᠦ ᠶᠢᠨ ᠬᠡᠷᠡᠭ ᠤᠨ ᠲᠥᠷᠥᠯ ᠤᠨ  ᠴᠠᠭᠳᠠᠭ᠎ᠠ ᠳᠤ ᠬᠡᠷᠡᠭ ᠮᠡᠳᠡᠬᠦᠯᠦᠭᠰᠡᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ 39% ᠪᠠᠷ ᠪᠠᠭᠤᠷᠠᠵᠤ᠂ ᠴᠠᠬᠢᠯᠭᠠᠨ  ᠴᠢᠮᠡᠭᠡ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠬᠡᠷᠡᠭ ᠪᠣᠯᠭᠠᠨ ᠳᠠᠩᠰᠠᠯᠠᠭᠰᠠᠨ ᠲᠤᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 52% ᠢᠶᠠᠷ ᠪᠠᠭᠤᠷᠠᠪᠠ᠃ ᠠᠶᠤᠯᠭᠦᠶ ᠦᠶᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠭᠦᠶ ᠦᠶᠯᠡᠳᠪᠦᠷᠢᠯᠡᠯ ᠤᠨ ᠠᠳᠡᠯ ᠳᠤ ᠠᠳᠡᠭᠰᠡᠨ ᠬᠥᠮᠦᠨ ᠤ ᠲᠤᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 30% ᠪᠠᠷ ᠪᠠᠭᠤᠷᠠᠪᠠ᠃ ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠰᠠᠶᠢᠲᠤᠷ ᠦᠷᠨᠢᠬᠦᠯᠵᠦ᠂ ︽ᠢᠨᠲ᠋ᠧᠷ     ᠰᠦᠯᠵᠢᠶ᠎ᠡ + ᠡᠯᠧᠺᠲᠷᠤᠨ ᠵᠣᠷ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ︽ᠢᠨᠲ᠋ᠧᠷ ᠰᠦᠯᠵᠢᠶ᠎ᠡ + ᠢᠯᠡ ᠪᠤᠯᠭᠠᠬᠰᠠᠨ ᠲᠣᠭᠤᠭᠠᠨ ᠭᠡᠷ︾ ᠢ 100%  ᠳᠤ ᠬᠦᠷᠬᠡᠪᠡ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠬᠥᠳᠡᠯᠮᠦᠷᠢ ᠶᠢᠨ ᠬᠠᠷᠢᠴᠠᠭ᠎ᠠ ᠡᠶ᠎ᠡ ᠵᠣᠬᠢᠴᠠᠩᠭᠤᠢ ᠪᠠᠶᠢᠬᠤ ᠶᠢ ᠬᠠᠮᠲᠤ ᠪᠠᠷ ᠠᠬᠢᠭᠤᠯᠬᠤ ︽ᠭᠤᠷᠪᠠᠨ ᠵᠢᠯ ᠤᠨ ᠠᠵᠢᠯᠯᠠᠭ᠎ᠠ︾ ᠶᠢ ᠠᠮᠵᠢᠯᠲᠠ ᠲᠠᠢ ᠪᠡᠶᠡᠯᠡᠭᠦᠯᠵᠦ᠂ 3.8 ᠲᠦᠮᠡᠨ ᠬᠥᠳᠡᠯᠮᠦᠷᠢᠴᠢᠨ ᠳᠤ 6.5 ᠳ᠋ᠦᠩᠰᠢᠭᠤᠷ ᠲᠥᠭᠦᠷᠢᠭ ᠤᠨ ᠴᠠᠯᠢᠩ ᠬᠦᠯᠦᠰᠦ ᠶᠢ ᠨᠢ ᠤᠯᠵᠤ ᠦᠭᠪᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠳᠡᠯᠭᠡᠷᠡᠭᠦᠯᠵᠦ᠂ ᠲᠤᠭᠤᠷᠢᠭ ᠤᠨ ᠲᠡᠰ ᠤᠨ ᠵᠥᠷᠢᠴᠡᠯ ᠢ ᠡᠶᠡᠳᠡᠭᠦᠯᠬᠦ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠠᠷᠠᠳ ᠤᠨ ᠡᠶᠡᠳᠡᠭᠦᠯᠬᠦ ᠵᠥᠪᠯᠡᠯ ᠨᠢ ᠪᠦᠬᠦ ᠤᠯᠤᠰ ᠤᠨ ᠵᠢᠱᠢᠶᠡᠴᠢ ᠶᠢᠨ ᠴᠣᠯᠠ ᠬᠦᠷᠲᠡᠪᠡ᠃ 15 ᠵᠡᠭᠡᠯᠢ ᠭᠤᠳᠤᠮᠵᠢ ᠪᠠᠯᠭᠠᠰᠤ ᠂ 110 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠪᠠ ᠰᠦᠯᠵᠢᠶᠡᠨ ᠳᠡᠭᠡᠷᠡᠬᠢ ᠭᠤᠮᠤᠳᠠᠯ ᠲᠤᠭᠠᠴᠢᠯᠲᠠ ᠶᠢ ᠭᠥᠯᠢᠶᠡᠨ ᠠᠪᠴᠤ ᠰᠢᠶᠳᠪᠦᠷᠢᠯᠡᠭᠰᠡᠨ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 75.8% ᠪᠠᠷ ᠪᠠᠭᠤᠷᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ 4 ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ 25 ᠪᠠᠶᠢᠭᠤᠯᠵᠤ᠂ ︽ᠤᠯᠠᠭᠠᠨ ᠠᠨᠠᠷ ᠭᠡᠷ ᠣᠷᠣᠨ︾ ᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠠᠷᠠᠳ 1 ᠳ᠋ᠤᠭᠡᠷ ᠨᠡᠶᠢᠭᠡᠮ ᠲᠣᠭᠤᠷᠢᠭ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ  ᠨᠢᠬᠡᠴᠢ ᠶᠢᠨ ᠢᠷᠠᠭᠤ ᠠᠯᠳᠠᠷ ᠢ ᠬᠦᠷᠲᠡᠪᠡ᠃      ᠥᠩᠭᠡᠷᠡᠭᠰᠡᠨ ᠨᠢᠭᠡ ᠵᠢᠯ ᠳᠤ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠪᠣᠯᠤᠨ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠬᠤᠶᠠᠷ ᠢ     ᠲᠤᠬᠳᠠᠭᠠᠬᠰᠠᠨ︾ ᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ    ᠪᠡᠶᠡᠯᠡᠭᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 193 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ 114 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠬᠤᠭᠤᠴᠠᠭ᠎ᠠ ᠶᠣᠰᠣᠭᠠᠷ ᠭᠦᠢᠴᠡᠳᠬᠡᠨ ᠳᠠᠭᠤᠰᠬᠠᠪᠠ᠃  ᠬᠠᠦᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠲᠠᠰᠤᠷᠠᠯᠲᠠ ᠥᠬᠡᠶ ᠭᠦᠨᠵᠡᠭᠡᠶᠢᠷᠡᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂  ᠬᠠᠦᠯᠢ ᠪᠠᠷ ᠵᠠᠰᠠᠬᠤ IP ᠳᠦᠷᠢ ᠲᠥᠷᠬᠦ ︽ᠹᠠ ᠳ᠋ᠦ᠋ ᠳ᠋ᠦ᠋︾ ᠶᠢ ᠳᠡᠯᠭᠡᠷᠡᠭᠦᠯᠦᠨ ᠬᠡᠷᠡᠭᠯᠡᠵᠦ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠤᠯᠤᠰ ᠤᠨ ᠬᠠᠦᠯᠢ ᠪᠠᠷ ᠵᠠᠰᠠᠬᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢ  ᠪᠠᠶᠢᠭᠤᠯᠬᠤ ᠰᠢᠯᠢᠳᠡᠭ ᠨᠢᠬᠡᠴᠢ ᠪᠠᠷ ᠦᠨᠡᠯᠡᠭᠳᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ︽1567︾ ᠠᠵᠢᠯ ᠤᠨ ᠲᠣᠭᠲᠠᠴᠠ 2023 ᠣᠨ ᠤ ᠰᠢᠶᠠᠨ ᠤ ᠬᠡᠪᠴᠢᠶᠡᠨ ᠤ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ ᠰᠣᠩᠭᠤᠭᠳᠠᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠬᠠᠦᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠤᠨ ᠢᠷᠠᠭᠤ ᠠᠯᠳᠠᠷ ᠢ ᠭᠥᠷᠳᠡᠪᠡ᠃ ᠰᠤᠷᠤᠯᠴᠠᠯᠭ᠎ᠠ ᠶᠢ ᠲᠡᠷᠢᠭᠦᠨ ᠳᠤ ᠲᠠᠯᠪᠢᠬᠤ᠂ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ᠂ ᠪᠣᠳᠠᠲᠠᠢ ᠠᠵᠢᠯᠯᠠᠬᠤ ᠪᠠᠷ ᠰᠠᠶᠢᠨ ᠡᠬᠢᠯᠡᠯᠳᠡ ᠶᠢ ᠪᠡᠶᠡᠯᠡᠬᠦᠯᠬᠦ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ    ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠠᠴᠢᠮ ᠬᠡᠷᠡᠭᠴᠡᠭᠡ ᠶᠢᠨ ᠪᠤᠰᠤ᠂ ᠬᠠᠳᠠᠭᠤ ᠬᠡᠷᠡᠭᠴᠡᠭᠡ ᠶᠢᠨ ᠪᠤᠰᠤ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ 10% ᠣᠷᠴᠢᠮ ᠪᠠᠭᠠᠰᠬᠠᠪᠠ᠃ ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠢᠨᠠᠨ ᠪᠤᠳᠤᠯᠲᠠ᠂ ᠬᠠᠩᠭᠠᠨ ᠪᠣᠷᠣᠯᠠᠭᠤᠯᠬᠤ᠂ ᠠᠮᠤ ᠪᠤᠳᠠᠭᠠᠨ ᠤ ᠠᠮᠤᠷ ᠲᠦᠪᠰᠢᠨ᠂ ᠭᠠᠵᠠᠷ ᠤᠷᠤᠨ ᠤ ᠣᠶᠢᠯᠠᠯᠭ᠎ᠠ ᠲᠡᠦᠬᠡ ᠶᠢᠨ ᠲᠠᠩᠰᠠ ᠡᠪᠬᠡᠮᠡᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠦᠶᠯᠡᠰ ᠰᠢᠨ᠎ᠡ ᠦᠷ᠎ᠡ ᠪᠦᠲᠦᠮᠵᠢ ᠣᠯᠵᠤ᠂ ᠠᠬᠠᠮᠠᠳ ᠺᠠᠳ᠋ᠷ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠡᠯ᠎ᠡ ᠵᠦᠶᠯ ᠤᠨ ᠠᠵᠢᠯ ᠰᠢᠨ᠎ᠡ ᠳᠡᠭᠲᠡᠷ ᠲᠤ ᠭᠠᠷᠪᠠ᠃    ᠲᠥᠯᠥᠭᠡᠯᠡᠭᠴᠢᠳ ᠡ︕ ᠲᠦᠮᠡᠨ ᠪᠡᠷᠭᠡ ᠮᠢᠩᠭᠠᠨ ᠪᠠᠷᠳᠠᠭ᠎ᠠ ᠶᠢ ᠲᠤᠭᠤᠯᠵᠤ ᠪᠠᠶᠢᠮᠠᠨᠵᠢᠨ ᠦᠨᠦᠳᠦᠷ ᠤᠨ ᠠᠮᠵᠢᠯᠳᠠ ᠪᠦᠳᠦᠮᠵᠢ ᠶᠢ ᠡᠭᠦᠳᠦᠯ᠎ᠡ᠂ ᠬᠥᠮᠦᠨ ᠤ ᠣᠷᠴᠢᠯᠠᠩ ᠤᠨ ᠲᠦᠮᠡᠨ ᠬᠡᠷᠡᠭ ᠰᠢᠷᠭᠠᠭᠤ ᠬᠦᠳᠡᠯᠮᠦᠷᠢ ᠪᠠᠷ ᠪᠦᠳᠦᠨ᠎ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠬᠦᠴᠢᠷ ᠠᠴᠠ ᠠᠶᠤᠬᠤ ᠥᠬᠡᠶ᠂  ᠪᠡᠷᠬᠡ ᠠᠴᠠ ᠵᠠᠶᠢᠯᠠᠬᠤ ᠥᠬᠡᠶ ᠪᠠᠶᠢᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠳᠤᠮᠳᠠ ᠨᠢᠭᠡ ᠤᠳᠠᠭᠠᠨ ᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠠᠯᠢ ᠣᠯᠠᠨ ᠬᠦᠴᠢᠷ ᠠᠰᠠᠭᠤᠳᠠᠯ ᠢ ᠰᠢᠶᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠢᠵᠦ᠂ ᠪᠥᠬᠦ ᠲᠤᠭᠤᠷᠢᠭ ᠤᠨ ᠲᠡᠭᠡᠲᠦ ᠲᠤᠤᠷᠠᠳᠤ ᠱᠠᠲᠤ ᠪᠠᠷ ᠢᠶᠠᠨ ᠲᠡᠷᠢᠭᠦᠨ ᠤ ᠬᠢ ᠶᠢ ᠲᠡᠮᠡᠴᠡᠨ ᠲᠡᠷᠢᠭᠦᠨ ᠵᠡᠷᠬᠡ ᠶᠢ ᠡᠭᠦᠳᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠲᠠᠰᠤᠷᠠᠯᠲᠠ ᠥᠬᠡᠶ ᠬᠥᠪᠴᠢᠯᠡᠵᠦ᠂ ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠲᠡᠮᠡᠴᠡᠯ ᠤᠨ ᠤᠷᠮ᠎ᠠ ᠵᠣᠷᠢᠭ ᠢ ᠦᠷᠭᠦᠯᠵᠢᠯᠡᠨ ᠬᠥᠭᠵᠢᠭᠡᠵᠦ᠂ ᠬᠦᠴᠢᠷ ᠢ ᠳᠤᠭᠤᠯᠤᠨ ᠬᠦᠨᠳᠦ ᠡᠭᠦᠷᠭᠡ ᠶᠢ ᠡᠭᠦᠷᠭᠡᠯᠡᠬᠦ ᠲᠡᠮᠡᠴᠡᠯ ᠤᠨ ᠵᠣᠷᠢᠭ ᠰᠠᠨᠠᠭ᠎ᠠ ᠶᠢ ᠭᠦᠶᠴᠡᠳ ᠪᠠᠳᠠᠷᠠᠭᠤᠯᠵᠤ᠂  ᠵᠤᠷᠢᠬᠰᠠᠨ ᠳᠠᠭᠠᠨ ᠬᠦᠷᠬᠦ ᠦᠬᠡᠢ ᠪᠤᠯ ᠵᠤᠬᠰᠤᠬᠤ ᠦᠬᠡᠢ ᠰᠢᠨᠲᠠᠷᠠᠰᠢ ᠥᠬᠡᠶ ᠴᠢᠷᠮᠠᠶᠢᠨ ᠠᠵᠢᠯᠯᠠᠵᠤ ᠪᠣᠳᠠᠲᠠᠶ ᠠᠵᠢᠯᠯᠠᠭᠠᠳ ᠠᠮᠵᠢᠯᠲᠠ ᠪᠦᠲᠦᠮᠵᠢ ᠤᠯᠪᠠ᠃ ᠪᠢᠳᠡᠨ ᠤ ᠤᠷᠤᠭᠰᠢᠯᠠᠯᠲᠠ ᠶᠢᠨ ᠠᠯᠬᠤᠮ ᠪᠦᠷᠢ ᠳᠤ ᠪᠦᠬᠦ  ᠲᠤᠭᠤᠷᠢᠭ ᠤᠨ 80 ᠲᠦᠮᠡᠨ ᠠᠷᠠᠳ ᠲᠦᠮᠡᠨ ᠤ ᠴᠢᠷᠮᠠᠶᠢᠯᠭ᠎ᠠ ᠪᠠ ᠬᠤᠪᠢ ᠨᠠᠮᠠᠷᠢ ᠠᠭᠤᠯᠤᠭᠳᠠᠵᠤ᠂ ᠪᠦᠬᠦ  ᠲᠤᠭᠤᠷᠢᠭ ᠤᠨ ᠳᠡᠭᠡᠳᠦ ᠳᠤᠤᠷᠠᠳᠤ ᠱᠠᠲᠤᠨ ᠤ ᠬᠠᠮᠲᠤ ᠶᠢᠨ ᠬᠦᠴᠦ ᠬᠥᠯᠥᠰᠥ ᠰᠢᠩᠭᠡᠵᠦ ᠪᠠᠶᠢᠨ᠎ᠠ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ  ᠲᠤᠭᠤᠷᠢᠭ ᠤᠨ ᠨᠠᠮ ᠤᠨ ᠬᠤᠷᠢᠶ᠎ᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ     ᠲᠠᠯᠪᠢᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠶ ᠬᠠᠪᠰᠤᠷᠤᠯᠭ᠎ᠠ ᠦᠵᠡᠭᠦᠯᠦᠭᠰᠡᠨ ᠤ ᠦᠷ᠎ᠡ ᠳ᠋ᠦᠩ ᠮᠥᠨ᠂ ᠨᠠᠩ ᠴᠤ ᠬᠤᠭᠤᠴᠠᠭ᠎ᠠ ᠪᠦᠷᠢ ᠶᠢᠨ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ ᠭᠡᠳᠡᠭ ᠢ ᠪᠢᠳᠡ ᠬᠦᠨᠵᠡᠬᠡᠢ ᠮᠠᠳᠠᠷᠠᠵᠤ ᠤᠯᠪᠠ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠲᠤᠭᠤᠷᠢᠭ ᠲᠤ ᠰᠠᠭᠤᠭ᠎ᠠ ᠴᠡᠷᠢᠭ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ︕      ᠲᠥᠯᠥᠭᠡᠯᠡᠭᠴᠢᠳ ᠡ︕ ᠵᠠᠭᠤᠨ ᠬᠦᠯᠬᠡ ᠦᠷᠢᠰᠦᠯᠳᠦᠨ ᠲᠡᠮᠡᠦᠯᠵᠦ᠂ ᠮᠢᠩᠭᠠᠨ ᠳᠠᠷᠪᠠᠭᠤᠯ  ᠮᠦᠴᠡᠭᠡᠷᠬᠡᠨ ᠤᠷᠤᠬᠰᠢᠯᠠᠨ᠎ᠠ᠂ ᠤᠷᠤᠭᠰᠢᠯᠠᠬᠤ ᠦᠭᠡᠢ ᠪᠣᠯ ᠤᠬᠤᠷᠢᠨ᠎ᠠ᠂ ᠤᠳᠠᠭᠠᠨ ᠤᠷᠤᠭᠰᠢᠯᠠᠭᠰᠠᠨ ᠴᠤ ᠤᠬᠤᠷᠢᠨ᠎ᠠ᠃ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠠᠵᠢᠯ ᠤᠨ ᠳᠤᠮᠳᠠ ᠪᠠᠰᠠ ᠮᠠᠰᠢ ᠤᠯᠠᠨ ᠥᠷᠢᠰᠥᠯᠳᠦᠭᠡᠨ ᠪᠠ ᠳᠤᠲᠠᠭᠤᠳᠠᠯ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠂ ᠭᠤᠣᠯ ᠢᠯᠡᠷᠡᠯ ᠨᠢ᠄ ᠠᠵᠤ ᠦᠢᠯᠡᠰ ᠤᠨ ᠪᠦᠲᠦᠴᠡ ᠶᠢ ᠪᠠᠰᠠ ᠦᠷᠭᠦᠯᠵᠢᠯᠡᠨ ᠲᠤᠬᠢᠷᠠᠭᠤᠯᠤᠨ ᠰᠢᠯᠢᠳᠡᠭᠵᠢᠭᠦᠯᠬᠦ ᠴᠢᠬᠤᠯᠠᠲᠠᠢ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠵᠢᠬᠦᠯᠬᠦ᠂ ᠲᠣᠭᠠᠴᠢᠯᠠᠬᠤ᠂ ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠬᠤᠷᠳᠤᠴᠠ ᠤᠳᠠᠭᠠᠨ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠪᠠᠷ ᠤᠳᠠᠭᠠᠨ ᠪᠠᠶᠢᠨ᠎ᠠ᠃ ᠠᠵᠤ ᠦᠶᠯᠡᠰ ᠤᠨ ᠬᠡᠯᠬᠢᠶ᠎ᠡ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠰᠠᠭᠤᠷᠢ ᠪᠠᠭᠤᠷᠠᠶ ᠪᠠᠶᠢᠵᠤ᠂ ᠰᠢᠨ᠎ᠡ ᠶᠢ ᠡᠭᠦᠳᠬᠦ ᠲᠠᠪᠴᠠᠩ ᠤᠨ ᠦᠷ᠎ᠡ ᠪᠦᠲᠦᠭᠡᠯ ᠢ  ᠤᠨᠳᠤᠤᠰᠢᠭᠤᠯᠬᠤ ᠨᠣᠷᠮ᠎ᠠ ᠳᠤᠤᠷ᠎ᠠ ᠪᠠᠶᠢᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠷᠢᠲᠦᠭᠰᠡᠨ ᠬᠡᠮᠵᠢᠶ᠎ᠡ ᠤᠯᠠᠨ᠂ ᠡᠯᠧᠮᠧᠨ᠋ᠲ ᠤᠨ ᠪᠠᠲᠤᠯᠠᠭ᠎ᠠ ᠶᠢᠨ ᠳᠤᠲᠠᠭᠤᠳᠠᠯ ᠲᠤᠪᠤᠶᠢᠮ᠎ᠠ ᠪᠠᠶᠢᠵᠤ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠣᠯᠤᠨ ᠥᠪᠡᠷ      ᠪᠡᠶ᠎ᠡ ᠶᠢᠨ ᠴᠢᠰᠦ ᠪᠦᠳᠦᠬᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ᠃ ᠥᠩᠭᠡᠷᠡᠭᠰᠡᠨ ᠤ ᠥᠷᠢ ᠰᠢᠷᠢ ᠶᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠵᠡᠷᠭᠡ ᠤᠯᠠᠨ ᠳᠠᠪᠬᠤᠷ ᠲᠠᠷᠤᠭᠠᠰᠤ ᠳᠠᠪᠬᠤᠴᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠪᠡᠯᠡ ᠮᠥᠩᠭᠦ ᠡᠬᠢ ᠪᠠᠶᠠᠯᠢᠭ ᠢ ᠶᠡᠷᠦᠩᠬᠡᠶᠢᠯᠡᠨ ᠬᠡᠷᠡᠭᠯᠡᠬᠦ ᠦᠷ᠎ᠡ ᠪᠦᠳᠦᠮᠵᠢ ᠪᠠ ᠴᠢᠳᠠᠪᠤᠷᠢ ᠥᠨᠳᠥᠷ ᠪᠢᠰᠢ᠃ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠵᠦᠷᠢᠶ᠎ᠡ ᠲᠠᠢ ᠪᠠᠶᠢᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠢᠯᠡᠴᠢᠯᠡᠭᠡᠨ ᠤ ᠴᠢᠳᠠᠪᠤᠷᠢ᠂ ᠦᠷ᠎ᠡ ᠪᠦᠲᠦᠮᠵᠢ᠂ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠭᠦᠨ ᠢ ᠪᠢᠳᠡ ᠬᠤᠶᠢᠰᠢᠳᠠ ᠶᠢᠨ ᠠᠵᠢᠯ ᠳᠤᠮᠳᠠ ᠪᠠᠨ ᠠᠯᠢ ᠲᠦᠷᠭᠡᠨ ᠢᠶᠠᠷ ᠬᠤᠪᠢᠷᠠᠭᠤᠯᠤᠨ ᠰᠠᠶᠢᠵᠢᠷᠠᠭᠤᠯᠵᠤ ᠳᠡᠭᠡᠭᠰᠢᠯᠡᠭᠦᠯᠦᠨ᠎ᠡ᠃     ᠬᠤᠶᠠᠷ᠂ 2024 ᠣᠨ ᠳᠤ᠂ ᠪᠢᠳᠡ ᠠᠵᠠ ᠲᠣᠬᠢᠶᠠᠯ ᠢ ᠠᠮᠵᠢᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠥᠬᠦ ᠤᠯᠤᠰ ᠤᠨ ᠮᠢᠩᠭᠠᠨ ᠳ᠋ᠦᠩᠰᠢᠭᠤᠷ ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠤᠨ ᠬᠠᠷᠠᠯᠳᠠ ᠲᠡᠶᠢᠰᠢ ᠲᠦᠷᠭᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠨ᠎ᠠ     ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠮᠠᠨ ᠤ ᠲᠤᠭᠤᠷᠢᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠮ ᠢᠶᠠᠷ ᠰᠠᠶᠢᠲᠤᠷ ᠵᠠᠮᠨᠠᠬᠤ ᠴᠢᠬᠤᠯᠠ ᠨᠢᠭᠡ ᠵᠢᠯ ᠪᠣᠯᠤᠨ᠎ᠠ᠃ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠠᠴᠠ ᠦᠵᠡᠪᠡᠯ᠂ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠨᠡᠶᠢᠲᠡᠯᠡᠭᠰᠡᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠵᠢᠴᠢ ᠤᠯᠤᠰ ᠤᠨ ᠡᠯ᠎ᠡ ᠶᠠᠮᠤᠨ ᠵᠥᠪᠯᠡᠯ ᠤᠨ ᠢᠵᠢ ᠪᠥᠷᠢᠳᠦᠬᠦᠯᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠂ ︽ᠳᠡᠯᠡᠬᠡᠶ ᠶᠢᠨ ᠪᠣᠬᠢᠷᠲᠤᠯ ᠦᠭᠡᠢ ᠴᠠᠬᠢᠭᠤᠷ ᠤᠨ ᠬᠤᠲᠠ︾ ᠶᠢ ᠡᠬᠦᠳᠬᠦ᠂ ︽ᠬᠤᠪᠣᠷ ᠰᠢᠷᠣᠶ ᠶᠢᠨ ᠬᠤᠶᠠᠷ ᠰᠠᠭᠤᠷᠢᠨ︾ ᠢ ᠪᠥᠲᠥᠭᠡᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠨᠢᠭᠡᠨᠲᠡ ᠬᠦᠴᠦᠷᠬᠡᠭ ᠶᠡᠭᠡ ᠲᠥᠷᠥ ᠶᠢᠨ ᠪᠣᠳᠣᠯᠭ᠎ᠠ ᠶᠢᠨ  ᠲᠠᠪᠬᠤᠷ ᠦᠶᠯᠡᠳᠦᠯ ᠢ ᠪᠠᠳᠠᠷᠠᠭᠤᠯᠪᠠ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠳᠣᠯᠣᠭᠠᠨ ᠶᠡᠭᠡ     ᠠᠵᠢᠯᠯᠠᠭ᠎ᠠ︾᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ᠨᠠᠢᠮᠠᠨ ︽ᠲᠡᠷᠢᠬᠦᠨ ᠤ ᠬᠢ ᠶᠢ ᠲᠡᠮᠡᠴᠡᠬᠦ︾ ᠪᠠ ᠲᠤᠭᠤᠷᠢᠭ ᠤᠨ ᠨᠠᠮ ᠤᠨ ᠬᠤᠷᠢᠶᠠᠨ ᠤ ᠳᠤᠷᠠᠳᠤᠭᠰᠠᠨ ᠵᠢᠷᠭᠤᠭᠠᠨ ᠡᠷᠬᠡᠪᠰᠢ᠂ ᠨᠠᠢᠮᠨᠨ ᠲᠠᠯ᠎ᠠ ᠶᠢᠨ ᠠᠵᠢᠯ ᠨᠢ ᠬᠤᠶᠢᠰᠢᠳᠠ ᠶᠢᠨ ᠬᠥᠭᠵᠢᠯᠲᠡ ᠶᠢᠨ ᠬᠠᠷᠠᠯᠲᠠ ᠡᠭᠦᠷᠭᠡ ᠪᠠ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠪᠢᠳᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃ ᠬᠥᠭᠵᠢᠯᠲᠡ ᠶᠢᠨ ᠰᠠᠭᠤᠷᠢ ᠠᠴᠠ ᠦᠵᠡᠪᠡᠯ᠂ ᠮᠠᠨ ᠤ ᠲᠤᠭᠤᠷᠢᠭ ᠤᠨ ᠠᠵᠤ ᠠᠬᠤᠶ ᠶᠢᠨ ᠶᠡᠷᠦᠩᠬᠡᠢ ᠬᠡᠮᠵᠢᠶ᠎ᠡ ᠪᠥᠬᠦ ᠬᠤᠲᠠ ᠶᠢᠨ ᠭᠤᠷᠪᠠᠨ ᠤ ᠨᠢᠭᠡ ᠶᠢ ᠡᠵᠡᠯᠡᠵᠦ᠂ ᠡᠯ᠎ᠡ ᠵᠦᠶᠯ ᠤᠨ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠭᠤᠤᠯᠳᠠᠯᠭ᠎ᠠ ᠲᠠᠢ ᠲᠥᠷᠥᠯ ᠵᠦᠶᠯ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠰᠠᠨ ᠬᠡᠮᠵᠢᠶ᠎ᠡ ᠪᠠ ᠶᠠᠰᠤ ᠴᠢᠨᠠᠷ ᠨᠢ ᠣᠯᠠᠨ ᠵᠢᠯ ᠳᠠᠷᠠᠭᠠᠯᠠᠨ ᠪᠥᠬᠦ ᠬᠤᠲᠠ ᠳᠤ ᠲᠦᠷᠦᠭᠦᠯᠡᠵᠦ᠂ ᠭᠤᠷᠪᠠᠨ ᠵᠢᠯ ᠤᠨ ᠲᠤᠷᠰᠢ ᠪᠡᠯᠡ ᠤᠷᠤᠭᠤᠯᠤᠯᠳᠠ ᠨᠢ 940 ᠳ᠋ᠦᠩᠰᠢᠭᠤᠷ ᠲᠥᠭᠦᠷᠢᠭ ᠤᠨ 187 ᠠᠵᠤ ᠦᠶᠯᠡᠰ ᠤᠨ ᠲᠥᠷᠥᠯ ᠵᠦᠶᠯ ᠢ ᠬᠡᠷᠡᠭᠵᠢᠭᠦᠯᠪᠡ᠂ ᠡᠲᠡᠭᠡᠷ ᠨᠢ ᠴᠥᠮ ᠭᠠᠵᠠᠷ ᠣᠷᠣᠨ ᠤ ᠠᠵᠤ ᠠᠬᠤᠶ ᠶᠢᠨ ᠦᠷᠭᠦᠯᠵᠢᠯᠡᠨ ᠨᠡᠮᠡᠭᠳᠡᠬᠦ ᠬᠥᠳᠡᠯᠭᠡᠬᠦ ᠬᠦᠴᠦᠨ ᠪᠣᠯᠬᠤ ᠪᠣᠯᠤᠨ᠎ᠠ᠃ ᠣᠳᠣᠬᠠᠨ ᠳᠤ᠂ ᠪᠢᠳᠡ ᠨᠢᠭᠡᠨᠲᠡ ᠠᠵᠤ ᠠᠬᠤᠶ ᠶᠢᠨ ᠶᠡᠷᠦᠩᠬᠡᠶ ᠬᠡᠮᠵᠢᠶ᠎ᠡ ᠮᠢᠩᠭᠠᠨ ᠳ᠋ᠦᠩᠰᠢᠭᠤᠷ᠂ ᠵᠢᠯ ᠤᠨ ᠨᠡᠮᠡᠭᠳᠡᠯ ᠤᠨ ᠬᠡᠮᠵᠢᠶ᠎ᠡ ᠨᠢ 200 ᠳ᠋ᠦᠩᠰᠢᠭᠤᠷ ᠢ ᠳᠠᠪᠠᠭ᠋ᠤ ᠬᠥᠭᠵᠢᠯᠲᠡ ᠶᠢᠨ ᠰᠢᠨ᠎ᠡ ᠱᠠᠲᠤᠨ ᠳᠤ ᠯᠠᠪᠳᠠᠭᠤᠨ ᠢᠶᠠᠷ ᠲᠠᠪᠰᠢᠨ ᠣᠷᠣᠵᠤ᠂ ᠮᠠᠨ ᠤ ᠲᠤᠭᠤᠷᠢᠭ ᠤᠨ ᠪᠥᠬᠦ ᠤᠯᠤᠰ ᠤᠨ ᠮᠢᠩᠭᠠᠨ ᠳ᠋ᠦᠩᠰᠢᠭᠤᠷ  ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠤᠨ ᠬᠠᠷᠠᠯᠳᠠ ᠲᠡᠶᠢᠰᠢ ᠲᠦᠷᠭᠡᠨ ᠳᠠᠪᠰᠢᠬᠤ ᠳᠤ ᠲᠡᠦᠬᠡᠲᠦ ᠴᠢᠨᠠᠷᠲᠠᠶ ᠠᠵᠠ ᠲᠣᠬᠢᠶᠠᠯ ᠢ ᠡᠭᠦᠳᠴᠦ ᠥᠭᠪᠡ᠃ ᠠᠵᠤ ᠦᠢᠯᠡᠰ ᠤᠨ ᠳᠠᠪᠠᠭᠤᠯᠢᠭ ᠠᠴᠠ ᠦᠵᠡᠪᠡᠯ᠂ ᠪᠤᠭᠤᠲᠤ ᠶᠢᠨ ᠪᠣᠯᠣᠳ ᠲᠡᠮᠦᠷ ᠲᠤ ᠦᠢᠯᠡᠴᠢᠯᠡᠵᠦ ᠪᠠᠶᠢᠭ᠎ᠠ ᠪᠣᠯᠣᠳ ᠲᠡᠮᠦᠷ   ᠤᠨ ᠠᠵᠤ ᠦᠢᠯᠡᠰ ᠤᠨ ᠪᠦᠯᠦᠭᠵᠢᠯ ᠦᠷᠭᠦᠯᠵᠢᠯᠡᠨ ᠪᠤᠵᠠᠭᠠᠶᠢᠷᠠᠵᠤ᠂ ᠥᠪᠡᠷᠲᠡᠭᠡᠨ ᠵᠠᠰᠠᠬᠤ ᠣᠷᠣᠨ ᠤ ᠪᠣᠯᠣᠳ ᠲᠡᠮᠦᠷ ᠤᠨ ᠦᠢᠯᠡᠳᠪᠦᠷᠢᠯᠡᠯ ᠤᠨ ᠴᠢᠬᠤᠯᠠ     ᠰᠠᠭᠤᠷᠢᠨ ᠤ ᠪᠠᠶᠢᠷᠢ ᠰᠠᠭᠤᠷᠢ ᠦᠷᠭᠦᠯᠵᠢᠯᠡᠨ ᠪᠠᠬᠢᠵᠢᠵᠦ᠂ ᠲᠦᠩ ᠸᠧᠢ ᠰᠢᠶᠧ ᠰᠢᠨ ᠮᠧᠢ ᠺᠧ ᠵᠡᠷᠭᠡ ᠨᠢᠭᠡ ᠪᠦᠯᠦᠭ ᠴᠠᠬᠢᠭᠤᠷ ᠤᠨ ᠠᠵᠤ ᠦᠢᠯᠡᠰ ᠤᠨ ᠬᠤᠰᠢᠭᠤᠴᠢ ᠠᠵᠤ ᠠᠬᠤᠶᠢᠯᠠᠯ ᠲᠥᠪᠯᠡᠷᠡᠨ ᠬᠥᠭᠵᠢᠵᠦ᠂ ᠪᠦᠬᠦ ᠪᠥᠮᠪᠥᠷᠴᠡᠭ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠲᠥᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠬᠠᠭᠠᠰ ᠳᠠᠮᠵᠢᠭᠤᠯᠤᠭᠴᠢ᠂ ᠤᠰᠤᠲᠥ᠋ᠷᠥᠭᠴᠢᠵᠢᠭᠤᠯᠤᠨ ᠡᠨᠧᠷᠭᠢ ᠬᠠᠳᠠᠭᠠᠯᠠᠬᠤ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠪᠦᠬᠦ ᠬᠤᠲᠠ ᠶᠢᠨ ᠬᠠᠮᠤᠭ ᠤᠨ ᠪᠦᠷᠢᠨ  ᠪᠦᠳᠦᠨ ᠠᠵᠤ ᠦᠢᠯᠡᠰ ᠤᠨ ᠠᠮᠢ ᠠᠬᠤᠢ᠂ ᠬᠠᠮᠤᠭ ᠤᠨ ᠬᠦᠴᠦᠷᠬᠡᠭ ᠠᠵᠤ ᠦᠢᠯᠡᠰ ᠤᠨ ᠰᠤᠷᠤᠯᠳᠠ ᠶᠢᠨ ᠴᠢᠳᠠᠪᠤᠷᠢ ᠨᠢᠭᠡᠨᠲᠡ ᠪᠦᠷᠢᠯᠳᠦᠵᠦ᠂ ᠮᠠᠨ ᠤ ᠲᠤᠭᠤᠷᠢᠭ ᠤᠨ ᠬᠥᠭᠡᠭᠡᠵᠦ ᠭᠦᠢᠴᠡᠨ ᠳᠠᠪᠠᠵᠤ ᠭᠠᠷᠬᠤ ᠶᠢ ᠪᠡᠶᠡᠯᠡᠭᠦᠯᠬᠦ ᠳᠤ ᠯᠤᠲᠤ ᠶᠡᠭᠡ ᠡᠨᠧᠷᠭᠢ ᠬᠤᠷᠠᠮᠳᠤᠭᠤᠯᠵᠠᠢ᠃ ᠳᠣᠲᠣᠭᠠᠳᠤ ᠬᠥᠳᠡᠯᠭᠡᠬᠦ ᠬᠦᠴᠦᠨ ᠠᠴᠠ ᠦᠵᠡᠪᠡᠯ᠂ ᠣᠯᠠᠨ ᠵᠢᠯ ᠤᠨ ᠬᠥᠭᠵᠢᠯᠲᠡ ᠶᠢᠨ ᠬᠤᠷᠠᠮᠳᠤᠯ ᠢᠶᠠᠷ ᠳᠡᠮᠵᠢᠨ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠲᠦᠷᠦᠯ ᠲᠡᠮᠳᠡᠭ ᠲᠠᠰᠤᠷᠠᠯᠲᠠ ᠥᠬᠡᠶ ᠠᠯᠳᠠᠷᠰᠢᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠲᠠᠰᠤᠷᠠᠯᠲᠠ ᠥᠬᠡᠶ ᠥᠷᠭᠡᠳᠴᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ ᠬᠠᠷᠢᠶ᠎ᠠ ᠣᠷᠣᠨ ᠤ 2 ᠶᠡᠭᠡ ᠳᠡᠭᠡᠳᠦ ᠰᠤᠷᠭᠠᠭᠤᠯᠢ ᠪᠠ 71 ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠰ ᠤᠨ ᠲᠠᠪᠴᠠᠩ ᠡᠳᠦᠷ ᠢᠷᠡᠬᠦᠶ᠎ᠡ ᠲᠣᠪᠤᠶᠢᠮ᠎ᠠ ᠦᠶᠯᠡᠳᠦᠯ ᠪᠠᠳᠠᠷᠠᠭᠤᠯᠵᠤ᠂ 80 ᠲᠦᠮᠡᠨ ᠬᠥᠮᠦᠨ ᠠᠮᠠ ᠨᠢ ᠬᠡᠷᠡᠭᠯᠡᠭᠡᠨ ᠤ ᠨᠡᠮᠡᠭᠳᠡᠯ ᠤᠨ ᠲᠣᠭᠲᠠᠭᠤᠨ ᠰᠠᠭᠤᠷᠢ ᠶᠢ ᠪᠣᠶ ᠪᠣᠯᠭᠠᠵᠤ᠂ ᠨᠢᠭᠡ ᠪᠦᠯᠦᠭ ᠥᠨᠳᠥᠷ ᠬᠡᠪ ᠪᠤᠯᠪᠠᠰᠤᠷᠠᠯ ᠪᠦᠬᠦᠢ ᠮᠡᠷᠭᠡᠵᠢᠯ ᠤᠨ ᠠᠵᠢᠯᠴᠢᠳ ᠭᠠᠵᠠᠷ ᠣᠷᠣᠨ ᠤ ᠬᠥᠭᠵᠢᠯᠲᠡ ᠳᠤ ᠰᠠᠶᠢᠨ ᠰᠠᠶᠢᠬᠠᠨ ᠬᠦᠮᠦᠨ ᠬᠡᠷᠡᠭᠯᠡᠬᠦ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠲᠡᠭᠡᠷ ᠨᠢ ᠴᠥᠮ ᠮᠠᠨ ᠤ ᠬᠥᠭᠵᠢᠯᠲᠡ ᠶᠢᠨ ᠬᠠᠷᠢᠴᠠᠩᠭᠤᠢ ᠳᠠᠪᠠᠭᠤᠯᠢᠭ ᠪᠣᠯᠤᠨ᠎ᠠ᠃ ᠪᠢᠳᠡ ︽ᠲᠣᠭᠲᠠᠭᠤᠨ︾ ᠪᠠ ︽ᠤᠷᠤᠭᠰᠢᠯᠠᠬᠤ︾ ᠶᠢ ᠨᠢᠭᠡᠳᠦᠯᠲᠡᠢ ᠲᠥᠯᠦᠪᠵᠢᠭᠦᠯᠦᠨ ᠰᠠᠶᠢᠲᠤᠷ ᠬᠢᠵᠦ᠂ ︽ᠪᠠᠶᠢᠭᠤᠯᠬᠤ︾ ᠪᠠ ︽ᠡᠪᠳᠡᠬᠦ︾ ᠶᠢ ᠣᠨᠣᠪᠴᠢᠲᠠᠢ ᠡᠵᠡᠮᠳᠡᠵᠦ᠂ ᠥᠪᠡᠷ ᠤᠨ ᠴᠢᠷᠮᠠᠶᠢᠯᠭ᠎ᠠ ᠶᠢᠨ ᠲᠣᠭᠲᠠᠭᠠᠯᠲᠤ ᠴᠢᠨᠠᠷ ᠢᠶᠠᠷ ᠢᠶᠠᠨ ᠭᠠᠳᠠᠭᠠᠳᠤ ᠣᠷᠴᠢᠨ ᠨᠥᠬᠦᠴᠡᠯ ᠤᠨ ᠲᠣᠭᠲᠠᠭᠠᠯᠲᠤ ᠪᠤᠰᠤ ᠴᠢᠨᠠᠷ ᠢ ᠪᠦᠲᠦᠮᠵᠢᠲᠡᠢ ᠠᠷᠭᠠᠴᠠᠭᠠᠵᠤ᠂ ᠬᠠᠷᠢᠴᠠᠩᠭᠤᠢ ᠳᠠᠪᠠᠭᠤᠯᠢᠭ ᠢᠶᠠᠨ ᠬᠥᠭᠵᠢᠯᠲᠡ ᠶᠢᠨ ᠢᠯᠠᠯᠲᠠ ᠤᠯᠬᠤ ᠰᠦᠷ ᠬᠦᠴᠦᠨ ᠪᠣᠯᠭᠠᠨ ᠲᠦᠷᠭᠡᠳᠬᠡᠨ ᠬᠤᠪᠢᠷᠠᠭᠤᠯᠤᠨ᠎ᠠ᠃ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠠᠳᠬᠤᠨ᠎ᠠ᠄      ᠨᠢᠭᠡ ᠳᠤ᠂ ᠪᠠᠶᠢᠷᠢᠰᠢᠯ ᠢ ᠶᠡᠬᠡᠰᠬᠡᠵᠦ᠂ ᠥᠨᠳᠥᠷ ᠲᠦᠪᠰᠢᠨ ᠢᠶᠠᠷ ᠪᠠᠷᠢᠮᠵᠢᠶᠠᠯᠠᠵᠤ᠂ ᠲᠡᠬᠢᠨᠳᠡ  ᠲᠦᠷᠦᠬᠦᠯᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠠᠲᠤ ᠪᠤᠢ ᠪᠣᠯᠭᠠᠨ᠎ᠡ᠃ ᠡᠷᠬᠡᠪᠰᠢ ᠪᠥᠬᠦ ᠤᠯᠤᠰ ᠤᠨ ᠶᠡᠭᠡ ᠲᠠᠯ᠎ᠠ ᠠᠴᠠ ᠪᠣᠳᠣᠯᠬᠢᠯᠠᠵᠤ᠂ ᠬᠦᠴᠦᠷᠬᠡᠭ ᠲᠠᠢ ᠠᠳᠠᠯᠢᠳᠬᠠᠵᠤ᠂ ᠭᠠᠪᠰᠢᠭᠠᠶᠢᠯᠠᠬᠴᠢ ᠲᠠᠢ ᠦᠷᠢᠰᠦᠯᠳᠦᠵᠦ᠂ ᠪᠥᠬᠦ ᠤᠯᠤᠰ ᠤᠨ ᠮᠢᠩᠭᠠᠨ ᠳ᠋ᠦᠩᠰᠢᠭᠤᠷ ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠲᠡᠶᠢᠰᠢ ᠲᠦᠷᠭᠡᠨ ᠤᠷᠤᠭᠰᠢᠯᠠᠬᠤ ᠬᠠᠷᠠᠯᠲᠠ ᠡᠭᠦᠷᠭᠡ ᠪᠠᠷ ᠭᠦᠨᠵᠡᠭᠡᠶ ᠪᠠᠷᠢᠮᠵᠢᠶᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠲᠡᠷᠢᠭᠦᠨ ᠤ ᠡᠩᠨᠡᠭᠡ ᠳᠤ ᠳᠠᠬᠢᠨ ᠲᠠᠪᠰᠢᠨ ᠤᠷᠤᠬᠤ ᠬᠠᠮᠤᠭ ᠤᠨ ᠰᠠᠶᠢᠨ ᠴᠠᠭ ᠲᠣᠬᠢᠶᠠᠯ ᠢ ᠠᠮᠵᠢᠵᠤ᠂ ᠡᠯ᠎ᠡ ᠵᠦᠶᠯ ᠤᠨ ᠠᠵᠢᠯ ᠢ ᠬᠠᠮᠤᠭ ᠤᠨ ᠰᠠᠶᠢᠨ ᠬᠠᠮᠤᠭ ᠤᠨ ᠰᠢᠯᠢᠳᠡᠭ ᠢᠶᠠᠷ ᠪᠠᠷᠢᠮᠵᠢᠶᠠᠯᠠᠵᠤ  ᠲᠥᠯᠥᠪᠵᠢᠭᠦᠯᠦᠨ ᠠᠬᠢᠭᠤᠯᠬᠤ ᠪᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ ᠰᠢᠨ᠎ᠡ ᠭᠠᠪᠢᠶ᠎ᠠ ᠪᠠᠶᠢᠭᠤᠯᠵᠤ᠂ ᠲᠦᠷᠦᠭᠦᠨ ᠳᠤᠨᠢ ᠤᠷᠤᠬᠤ ᠪᠠᠷ ᠴᠢᠷᠮᠠᠶᠢᠨ᠎ᠡ᠃     ᠬᠤᠶᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ᠂ ᠬᠥᠭᠡᠭᠡᠵᠦ ᠭᠦᠢᠴᠡᠨ ᠳᠠᠪᠠᠵᠤ ᠭᠠᠷᠬᠤ ᠰᠦᠷ ᠳᠠᠯᠠᠶᠢᠴᠠᠲᠠᠢ ᠬᠥᠳᠡᠯᠭᠡᠬᠦ ᠡᠨᠧᠷᠭᠢ ᠶᠢ ᠬᠥᠭᠵᠢᠭᠡᠨ᠎ᠡ᠃ ᠡᠷᠬᠡᠪᠰᠢ ︽ᠬᠥᠨᠳᠡᠯᠡᠨ ᠲᠣᠭᠤᠷᠢᠭ ᠠᠴᠠ ᠲᠠᠪᠠᠵᠤ ᠬᠥᠨᠳᠡᠯᠡᠨ ᠲᠣᠭᠤᠷᠢᠭ ᠢ ᠬᠠᠷᠠᠵᠤ᠂ ᠢᠷᠡᠭᠡᠳᠦᠢ ᠶᠢ ᠪᠠᠷᠠᠯᠠᠵᠤ ᠤᠳᠤ ᠶᠢᠨ ᠪᠠᠶᠢᠳᠠᠯ ᠢ ᠠᠵᠢᠵᠤ︾᠂ ᠬᠡᠪᠰᠢᠮᠡᠯ ᠰᠡᠳᠬᠢᠬᠦᠢ ᠶᠢᠨ ᠬᠡᠯᠪᠡᠷᠢ᠂ ᠠᠵᠢᠯ ᠤᠨ ᠵᠤᠷᠰᠢᠯᠲᠦ ᠴᠢᠨᠠᠷ ᠬᠢᠭᠡᠳ ᠠᠷᠭ᠎ᠠ ᠵᠠᠮ ᠳᠤ ᠲᠦᠰᠢᠭᠯᠡᠬᠦ ᠶᠢ ᠡᠷᠡᠰ ᠡᠪᠳᠡᠵᠦ᠂ ᠲᠦᠷᠢᠮ ᠤᠨ ᠰᠢᠨ᠎ᠡ ᠶᠢ ᠡᠭᠦᠳᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠰᠡᠳᠬᠢᠬᠦᠢ ᠶᠢᠨ ᠰᠢᠨ᠎ᠡ ᠶᠢ ᠡᠬᠦᠳᠬᠦ ᠶᠢ ᠬᠠᠮᠵᠢᠯᠴᠠᠨ ᠠᠬᠢᠭᠤᠯᠬᠤ ᠬᠡᠷᠡᠭᠳᠡᠢ᠃ ︽ᠬᠥᠨᠳᠡᠯᠡᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠥᠰᠦᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠭᠡᠭᠵᠢᠬᠦᠯᠬᠦ ᠪᠠᠷ ᠪᠣᠯᠣᠳ ᠲᠡᠮᠦᠷ᠂ ᠬᠤᠪᠣᠷ ᠰᠢᠷᠣᠶ᠂ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠵᠡᠷᠭᠡ ᠭᠤᠤᠯᠳᠠᠯᠭ᠎ᠠ ᠲᠠᠢ ᠠᠵᠤ ᠦᠶᠯᠡᠰ ᠤᠨ ᠪᠦᠯᠦᠭᠵᠢᠨ ᠬᠥᠭᠵᠢᠬᠦ ᠶᠢ ᠠᠬᠢᠭᠤᠯᠵᠤ᠂ ᠬᠦᠴᠦᠷᠭᠡᠭ ᠢ ᠣᠷᠣᠭᠤᠯᠵᠤ ᠠᠪᠴᠢᠷᠠᠨ ᠰᠢᠯᠢᠳᠡᠭ ᠢ ᠲᠠᠳᠠᠬᠤ ᠪᠠᠷ ᠬᠠᠭᠠᠰ ᠳᠠᠮᠵᠢᠭᠤᠯᠤᠭᠴᠢ᠂ ᠤᠰᠤᠲᠥ᠋ᠷᠥᠭᠴᠢᠵᠢᠭᠤᠯᠤᠨ ᠡᠨᠧᠷᠭᠢ ᠬᠠᠳᠠᠭᠠᠯᠬᠤ ᠵᠡᠷᠭᠡ ᠠᠵᠤ ᠦᠶᠯᠡᠰ ᠤᠨ ᠰᠢᠪᠲᠤᠯᠤᠯᠲᠠ ᠶᠢᠨ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ ᠪᠠᠷ ᠣᠲᠣ ᠦᠶ᠎ᠡ ᠶᠢᠨ ᠦᠶᠯᠡᠴᠢᠯᠡᠭᠡᠨ ᠤ ᠦᠢᠯᠡᠰ ᠤᠨ ᠴᠢᠨᠠᠷᠵᠢᠭᠤᠨ  ᠬᠡᠪᠴᠢᠶᠡᠵᠢᠨ ᠪᠤᠵᠠᠭᠠᠶᠢᠷᠬᠠᠤ ᠶᠢ ᠲᠠᠰ ᠳᠡᠪᠰᠢᠭᠦᠯᠦᠨ ᠠᠬᠢᠭᠤᠯᠵᠤ᠂ ︽ᠵᠢᠵᠢᠭ ᠲᠠᠷᠢᠶᠠᠯᠠᠩ ᠢ ᠶᠡᠬᠡᠪᠡᠷ ᠬᠥᠭᠵᠢᠭᠦᠯᠬᠦ︾ ᠪᠠᠷ ᠲᠠᠷᠢᠶᠠᠯᠠᠩ ᠤᠨ ᠪᠦᠲᠦᠭᠡᠭᠳᠡᠬᠦᠨ ᠤ ︽ᠨᠠᠷᠢᠯᠢᠭ᠂ ᠤᠨᠴᠠᠯᠢᠭ ᠲᠠᠢ᠂ ᠰᠢᠨ᠎ᠡ︾ ᠬᠥᠨᠳᠡᠯᠡᠨ ᠲᠣᠭᠤᠷᠢᠭ ᠤᠨ ᠲᠥᠷᠥᠯ ᠲᠡᠮᠳᠡᠭ ᠢ ᠡᠭᠦᠳᠦᠨ᠎ᠡ᠃      ᠭᠤᠷᠪᠠ ᠳᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠨᠡᠩ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠷᠬᠡᠪᠰᠢ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠷᠢᠭ ᠤᠨ  ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠪᠦᠯᠬᠦᠮᠳᠡᠨ ᠠᠵᠢᠯᠯᠠᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠺᠠᠳ᠋ᠷ ᠤᠯᠠᠨ ᠲᠦᠮᠡᠨ ᠢ ᠳᠠᠭᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠲᠣᠭᠲᠠᠭᠠᠭᠰᠠᠨ 2024 ᠣᠨ ᠤ ᠨᠠᠢᠮᠠᠨ ᠲᠠᠯ᠎ᠠ ᠶᠢᠨ ᠠᠵᠢᠯ ᠤᠨ ᠡᠭᠦᠷᠭᠡ ᠲᠠᠢ ᠵᠦᠶᠯ  ᠵᠤᠷᠪᠤᠰ ᠳᠠᠷᠠᠭᠠᠯᠠᠨ ᠬᠠᠷᠭᠤᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭᠵᠢᠭᠦᠯᠦᠭᠴᠢ᠂ ᠦᠢᠯᠡᠳᠦᠯᠭᠡᠵᠢᠬᠦᠯᠦᠭᠴᠢ᠂ ᠪᠣᠳᠠᠲᠠᠶ ᠠᠵᠢᠯᠯᠠᠭᠴᠢ ᠪᠣᠯᠬᠤ ᠶᠢ ᠡᠷᠡᠰ ᠪᠠᠷᠢᠮᠲᠠᠯᠠᠨ᠎ᠠ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠶᠢ ᠡᠯ᠎ᠡ ᠵᠦᠢᠯ ᠤᠨ ᠠᠵᠢᠯ ᠳᠤᠮᠳᠠ ᠲᠤᠭᠤᠰᠢᠯᠠᠭᠤᠯᠬᠤ ᠶᠢ ᠪᠠᠷᠢᠮᠲᠠᠯᠠᠵᠤ᠂ ︽ᠤᠳᠠᠭᠠᠨ ᠪᠦᠳᠦᠭᠦᠯᠢᠭ ᠬᠡᠶᠢᠰᠪᠦᠷᠢ︾᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠠᠶᠢᠲᠤᠷ ᠠᠷᠢᠯᠭᠠᠵᠤ᠂ ᠳᠠᠷᠤᠭᠳᠠᠵᠤ ᠪᠠᠶᠢᠭ᠎ᠠ ᠵᠡᠬᠢᠳᠠᠯ ᠰᠤᠷᠪᠤᠯᠵᠢᠯᠠᠯ ᠤᠨ ᠬᠠᠭᠤᠴᠢᠨ ᠬᠡᠷᠡᠭ ᠵᠡᠷᠭᠡ ᠬᠦᠴᠢᠷ ᠲᠦᠪᠡᠭ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠨ ᠠᠷᠢᠯᠭᠠᠵᠤ᠂ ᠦᠵᠡᠬᠦ ᠳᠤ ᠬᠢᠵᠦ ᠳᠡᠶᠢᠯᠬᠦ ᠦᠭᠡᠢ᠂ ᠥᠩᠭᠡᠷᠡᠭᠰᠡᠨ ᠳᠤ ᠰᠠᠶᠢᠨ ᠬᠢᠵᠦ ᠳᠡᠶᠢᠯᠬᠦ ᠦᠭᠡᠢ ᠪᠠᠶᠢᠬᠰᠠᠨ ᠶᠠᠪᠤᠳᠠᠯ ᠢ ᠨᠢᠭᠡᠳ ᠨᠢᠭᠡ ᠪᠠᠷ ᠪᠣᠳᠠᠲᠠᠢ ᠠᠳᠬᠤᠵᠤ ᠬᠢᠵᠦ ᠪᠦᠳᠦᠬᠡᠨ᠎ᠡ᠃      ᠳᠥᠷᠪᠡ ᠳᠤ᠂ ᠠᠷᠠᠳ ᠤᠨ ᠠᠮᠢᠳᠤᠷᠠᠯ ᠢ ᠠᠩᠬᠠᠷᠤᠨ᠂ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠳᠤ ᠦᠶᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠭᠤᠷᠪᠠᠨ ᠥᠨᠳᠦᠷᠯᠢᠭ ᠢ ᠴᠣᠭᠴᠠᠯᠠᠬᠤ ᠪᠠᠷ ᠵᠢᠯᠣᠭᠤᠳᠤᠮᠵᠢ ᠪᠣᠯᠭᠠᠵᠤ᠂ ᠠᠷᠠᠳ ᠤᠯᠠᠨ ᠤ ︽ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠤ ᠪᠠᠶᠢᠭ᠎ᠠ︾  ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ᠂ ᠡᠷᠡᠭᠦᠯ ᠮᠡᠨᠳᠦ ᠶᠢᠨ ᠬᠥᠮᠦᠵᠢᠯ᠂ ᠨᠠᠰᠤᠵᠢᠯ ᠤᠨ ᠠᠰᠠᠷᠠᠮᠵᠢ ᠨᠠᠶᠢᠳᠠᠨ ᠠᠰᠠᠷᠠᠭᠤᠯᠬᠤ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ︽ᠠᠷᠠᠳ ᠤᠨ ᠠᠮᠢᠳᠤᠷᠠᠯ ᠤᠨ ᠲᠤᠯᠤᠭ᠎ᠠ ᠪᠠᠶᠢᠬᠤ︾ ᠶᠢ ᠪᠡᠶᠡᠯᠡᠬᠦᠯᠦᠨ᠎ᠡ᠃ ︽ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠲᠤᠳᠤᠷ᠎ᠠ ᠬᠢᠬᠦ︾ ᠶᠢ ᠪᠠᠷᠢᠮᠲᠠᠯᠠᠵᠤ᠂ ᠬᠤᠲᠠ ᠶᠢᠨ ᠲᠣᠭᠤᠷᠢᠭ ᠤᠨ ︽ᠬᠠᠭᠤᠴᠢᠨ ᠪᠠᠶᠢᠰᠢᠩ ᠭᠡᠷ︾ ᠢ ᠥᠭᠡᠷᠡᠴᠢᠯᠡᠨ ᠪᠠᠶᠢᠭᠤᠯᠬᠤ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠤᠨᠤᠪᠴᠢᠲᠠᠢ ᠰᠠᠬᠢᠵᠤ ᠪᠠᠲᠤ ᠰᠠᠬᠢᠨ᠎ᠠ᠃     ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ᠲᠤᠬᠠᠢ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠦᠢᠯᠡᠳᠦᠯᠭᠡᠵᠢᠬᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠨᠠᠢᠮᠠᠨ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ     ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ︽ ᠬᠤᠶᠠᠷ ᠦᠨᠳᠦᠷᠯᠢᠭ ᠭᠤᠷᠪᠠᠨ ᠤᠷᠤᠨ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠦᠨᠵᠡᠭᠡᠶ ᠪᠣᠶ ᠪᠣᠯᠭᠠᠵᠤ᠂ ︽ᠲᠦᠮᠡᠨ ᠬᠡᠷᠡᠭ ᠪᠦᠬᠦᠨ  ᠳᠤ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠪᠤᠴᠠ  ᠳᠠᠬᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠣᠯᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨᠬᠦ ᠨᠡᠮᠡᠭᠳᠡᠭᠦᠯᠦᠨ᠂ ᠠᠵᠤ ᠠᠬᠤᠢ ᠶᠢ ᠲᠣᠭᠲᠠᠭᠤᠨ ᠤ ᠲᠤᠮᠳᠠ ᠠᠬᠢᠯᠲᠠ ᠲᠠᠢ ᠪᠤᠯᠭᠠᠬᠤ ᠪᠠᠷ ᠴᠢᠷᠮᠠᠶᠢᠭᠰᠠᠨ ᠰᠠᠭᠤᠷᠢᠨ ᠳᠡᠭᠡᠷ᠎ᠡ ᠲᠣᠭᠲᠠᠭᠤᠨ ᠤ ᠲᠤᠮᠳᠠ ᠲᠦᠷᠭᠡᠨ ᠬᠥᠭᠵᠢᠬᠦ ᠶᠢ ᠪᠡᠶᠡᠯᠡᠭᠦᠯᠦᠨ᠎ᠡ᠂ ᠪᠥᠬᠦ ᠬᠦᠴᠦᠨ ᠢᠶᠠᠷ ᠢᠶᠠᠨ ᠪᠥᠬᠦ ᠤᠯᠤᠰ ᠤᠨ ᠮᠢᠩᠭᠠᠨ ᠳ᠋ᠦᠩᠰᠢᠭᠤᠷ ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠤᠨ ᠬᠠᠷᠠᠯᠳᠠ ᠲᠡᠶᠢᠰᠢ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠨ᠎ᠡ᠃     ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 20% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠣᠷᠴᠢᠮ ᠨᠡᠮᠡᠭᠳᠡᠭᠦᠯᠦᠨ᠎ᠡ᠃ ᠢᠩᠭᠢᠵᠦ ᠲᠣᠬᠢᠷᠠᠭᠤᠯᠤᠭᠰᠠᠨ ᠨᠢ ᠮᠠᠨ ᠤ ᠲᠤᠭᠤᠷᠢᠭ ᠤᠨ  ᠤᠶᠢᠷ᠎ᠠ ᠶᠢᠨ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠦᠴᠦᠳᠡᠢ ᠰᠠᠶᠢᠵᠢᠷᠠᠬᠤ ᠬᠠᠨᠳᠤᠰᠢ ᠪᠠ ᠰᠠᠶᠢᠨ ᠰᠠᠶᠢᠬᠠᠨ ᠨᠡᠮᠡᠭᠳᠡᠯ ᠤᠨ ᠵᠢᠱᠢᠯᠲᠡ ᠶᠢ ᠭᠦᠢᠴᠡᠳ ᠪᠣᠳᠣᠯᠬᠢᠯᠠᠵᠤ᠂ ᠪᠦᠬᠦ ᠬᠤᠲᠠ ᠶᠢᠨ ᠬᠥᠭᠵᠢᠯᠲᠡ ᠶᠢᠨ ᠬᠠᠷᠠᠯᠲᠠ ᠲᠠᠢ ᠵᠣᠯᠭᠠᠭᠤᠯᠤᠨ ᠨᠢᠭᠡᠳᠦᠬᠦᠯᠦᠭᠰᠡᠨ ᠶᠤᠮ᠂ ᠪᠢᠳᠡ ᠥᠨᠳᠥᠷ ᠬᠠᠷᠠᠯᠳᠠ ᠶᠢ ᠲᠤᠬᠳᠠᠭᠠᠵᠤ᠂ ᠦᠪᠡᠷ ᠬᠢ ᠳᠡᠭᠡᠨ ᠲᠠᠷᠤᠯᠲᠠ ᠦᠭᠴᠦ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ ᠪᠦᠷᠢᠮᠦᠰᠦᠨ ᠪᠡᠶᠡᠯᠡᠭᠦᠯᠵᠦ ᠴᠢᠳᠠᠨ᠎ᠠ᠃ ᠪᠢᠳᠠ ᠵᠢᠱᠢᠭᠰᠡᠨ ᠬᠠᠷᠠᠯᠲᠠ ᠲᠠᠢ ᠪᠠᠨ ᠨᠢᠭᠲᠠ ᠤᠶᠠᠯᠳᠤᠭᠤᠯᠤᠨ᠂ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄     ︵ᠨᠢᠭᠡ︶ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠣᠯᠠᠨ ᠡᠰᠢᠵᠢᠨ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠠᠳᠠᠭᠠᠯᠠᠬᠳᠠᠴᠠ ᠶᠢ ᠰᠢᠯᠢᠳᠡᠭᠵᠢᠭᠦᠯᠬᠦ ᠪᠠ ᠨᠡᠮᠡᠭᠳᠡᠯ ᠢ ᠪᠤᠶᠢᠵᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠳᠤ ᠰᠠᠭᠤᠷᠢᠯᠠᠵᠤ᠂ ᠲᠡᠷᠢᠭᠦᠨ ᠤ ᠦᠶᠯᠡᠳᠬᠦ ᠦᠶᠯᠡᠰ ᠢᠶᠠᠷ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠶᠢ ᠳᠠᠶᠢᠴᠢᠯᠠᠨ᠂ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠲᠠᠰᠤᠷᠠᠯᠲᠠ ᠥᠬᠡᠶ ᠨᠡᠭᠡᠭᠡᠵᠦ᠂ ᠨᠠᠩ ᠣᠯᠠᠨ ᠰᠢᠨ᠎ᠡ ᠴᠢᠨᠠᠷ ᠤᠨ ᠦᠶᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶ ᠪᠣᠯᠭᠠᠨ᠎ᠠ᠃      ᠨᠢᠭᠡ ᠳᠤ᠂ ᠤᠯᠠᠮᠵᠢᠯᠠᠯᠲᠤ ᠠᠵᠤ ᠦᠢᠯᠡᠰ ᠤᠨ ᠰᠠᠭᠤᠷᠢ ᠶᠢ ᠴᠢᠩᠭᠠᠳᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠣᠯᠣᠳ ᠲᠡᠮᠦᠷ ᠤᠨ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠪᠤᠭᠤᠲᠤ ᠶᠢᠨ ᠪᠣᠯᠣᠳ ᠲᠡᠮᠦᠷ᠂ ᠠᠵᠤ ᠠᠬᠤᠶᠢᠯᠠᠯ ᠪᠠ ᠣᠷᠣᠨ ᠨᠤᠲᠤᠭ ᠤᠨ ᠠᠭᠤᠰᠤᠯᠴᠠᠯ ᠳᠤᠮᠳᠠ ᠲᠠᠭᠠᠯᠳᠤᠨ ᠪᠤᠢ ᠪᠤᠯᠤᠬᠰᠠᠨ ᠰᠢᠨ᠎ᠡ ᠲᠥᠷᠥᠯ ᠵᠦᠶᠯ ᠳᠤ ᠦᠶᠯᠡᠴᠢᠯᠡᠬᠦ ᠶᠢ ᠪᠠᠷᠢᠮᠲᠠᠯᠠᠵᠤ᠂ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ ᠪᠤᠯᠤᠳ ᠲᠡᠮᠦᠷ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨ ᠾᠧ ᠬᠡᠷᠡᠯ ᠴᠡᠨᠡᠭ ᠤᠨ ᠪᠡᠯᠡᠳᠬᠡᠯ ᠬᠤᠪᠢᠷᠠᠭᠠᠭᠳᠠᠯ ᠤᠨ ᠬᠦᠴᠦᠨ ᠤ PC ᠪᠣᠯᠣᠳ ᠮᠤᠨᠠ ᠵᠡᠷᠭᠡ ᠪᠣᠯᠣᠳ ᠲᠡᠮᠦᠷ ᠤᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ 18 ᠲᠥᠷᠥᠯ ᠵᠦᠶᠯ ᠢ ᠬᠡᠷᠡᠭᠵᠢᠭᠦᠯᠵᠦ᠂ ᠪᠣᠯᠣᠳ ᠲᠡᠮᠦᠷ ᠤᠨ ᠠᠵᠤ ᠦᠶᠯᠡᠰ ᠬᠢᠭᠡᠳ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠶᠯᠡᠳᠬᠦ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠯᠣᠳ ᠲᠡᠮᠦᠷ ᠤᠨ ᠠᠵᠤ ᠦᠶᠯᠡᠰ ᠤᠨ ᠦᠶᠯᠡᠳᠬᠦᠨ ᠤ ᠥᠷᠲᠡᠭ ᠢ 1200 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ︽ᠬᠤᠪᠣᠷ ᠰᠢᠷᠣᠶ ᠶᠢᠨ ᠬᠤᠶᠠᠷ ᠰᠠᠭᠤᠷᠢᠨ︾  ᠤ ᠪᠥᠲᠥᠭᠡᠨ ᠪᠠᠶᠢᠭᠤᠯᠤᠯᠲᠠ ᠶᠢ ᠡᠬᠦᠷᠭᠡᠯᠡᠨ ᠲᠠᠭᠠᠭᠠᠬᠤ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠤᠮᠠᠷᠠᠲᠤ ᠶᠢᠨ ᠬᠤᠪᠣᠷ ᠰᠢᠷᠣᠢ ᠶᠢᠨ ᠨᠢᠭᠡᠳᠦᠭᠡᠷ ᠬᠤᠭᠤᠴᠠᠭᠠᠨ ᠤ 3 ᠲᠦᠮᠡᠨ ᠲᠣᠨ ᠤ ᠪᠣᠬᠢᠷᠲᠤᠯ ᠦᠭᠡᠢ ᠬᠠᠶᠢᠯᠤᠭᠤᠯᠵᠤ ᠰᠠᠯᠭᠠᠬᠤ᠂ ᠱᠢ ᠪᠦᠸᠧ   ᠶᠢᠨ ᠵᠢᠯ ᠳᠤ 600 ᠢᠵᠢ ᠦᠪᠴᠢ ᠵᠢᠭᠤᠳᠠᠩᠭᠤᠢ ᠴᠤᠬᠯᠠᠭᠤᠯᠬᠤ ᠲᠣᠨᠣᠭᠯᠠᠯ ᠦᠢᠯᠡᠳᠪᠦᠷᠢᠯᠡᠬᠦ ᠲᠥᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠤᠮᠠᠷᠠᠲᠤ ᠶᠢᠨ ᠬᠤᠪᠣᠷ ᠰᠢᠷᠣᠢ ᠶᠢᠨ ᠨᠧᠦᠳᠢᠮ ᠲᠡᠮᠦᠷ ᠪᠣᠷ ᠤᠨ ᠬᠠᠶᠠᠭᠳᠠᠮᠠᠯ ᠮᠠᠲ᠋ᠧᠷᠢᠶᠠᠯ ᠢ ᠰᠢᠢᠳᠪᠦᠷᠢᠯᠡᠬᠦ᠂ ᠵᠦᠩ ᠲᠢᠶᠠᠨ ᠶᠦᠨ ᠮᠧᠢ ᠬᠤᠪᠣᠷ ᠰᠢᠷᠣᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠦᠯ ᠵᠦᠢᠯ ᠢ ᠬᠡᠷᠡᠭᠵᠢᠭᠦᠯᠦᠨ᠎ᠡ᠃ ᠨᠢᠭᠡ ᠪᠦᠯᠦᠭ ᠲᠣᠭᠲᠠᠮᠠᠯ ᠰᠣᠷᠢᠨᠵᠢᠨ᠂ ᠤᠰᠤᠲᠥ᠋ᠷᠥᠭᠴᠢᠵᠢᠭᠤᠯᠤᠨ ᠬᠠᠳᠠᠭᠠᠯᠠᠬᠤ᠂ ᠲᠦᠷᠭᠡᠳᠬᠡᠬᠦ᠂ ᠡᠷᠬᠢᠯᠲᠡ ᠶᠢ ᠡᠵᠡᠮᠳᠡᠬᠦ ᠬᠦᠳᠡᠯᠭᠡᠬᠦᠷ ᠴᠠᠬᠢᠯᠭᠠᠨ ᠮᠠᠰᠢᠨ ᠵᠡᠷᠭᠡ ᠬᠤᠪᠣᠷ ᠰᠢᠷᠣᠢ ᠶᠢᠨ ᠬᠡᠷᠡᠭᠯᠡᠭᠡᠨ ᠤ ᠲᠥᠷᠥᠯ ᠵᠦᠢᠯ ᠢ ᠲᠦᠷᠭᠡᠳᠬᠡᠨ ᠣᠷᠣᠭᠤᠯᠵᠤ ᠠᠪᠴᠢᠷᠠᠨ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠰᠢᠨ᠎ᠡ ᠬᠦᠷᠢᠶ᠎ᠡ ᠴᠠᠷᠠᠭ᠎ᠠ ᠶᠢ ᠨᠡᠭᠡᠭᠡᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠬᠦᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 90 ᠳ᠋ᠦᠩᠰᠢᠭᠤᠷ ᠲᠥᠭᠦᠷᠢᠭ ᠣᠷᠴᠢᠮ ᠳᠤ ᠬᠦᠷᠬᠡᠨ᠎ᠡ᠃     ᠬᠤᠶᠠᠷ ᠲᠤ᠂ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠬᠰᠠᠨ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠬᠡᠮᠵᠢᠶ᠎ᠡ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠢᠯ ᠤᠨ ᠳᠣᠲᠣᠷ᠎ᠠ 43 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠬᠰᠠᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠬᠰᠠᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠪᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠤᠨ᠎ᠠ᠃ ︽ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠲᠠ︾ ᠶᠢᠨ ᠭᠤᠤᠯ ᠣᠷᠣᠨ ᠢ ᠴᠣᠭᠴᠠᠯᠠᠨ᠎ᠠ᠃ ᠲᠤᠭ᠎ᠠ ᠬᠡᠮᠵᠢᠶ᠎ᠡ ᠶᠢ ᠶᠡᠬᠡᠪᠡᠷ ᠨᠡᠮᠡᠭᠳᠡᠬᠦᠯᠬᠦ᠂ ᠶᠠᠰᠤ ᠴᠢᠨᠡᠷ ᠢ ᠰᠢᠯᠢᠳᠡᠭᠵᠢᠬᠦᠯᠬᠦ ᠶᠢ ᠦᠷᠭᠦᠯᠵᠢᠯᠡᠨ ᠬᠢᠵᠦ᠂ ᠰᠢᠶᠧ ᠰᠢᠨ ᠤ 20 ᠵᠢᠭ᠎ᠠ ᠸᠠᠲ ᠤᠨ N ᠬᠡᠯᠪᠡᠷᠢ ᠶᠢᠨ ᠲᠠᠩ ᠲᠠᠯᠠᠰᠲᠤ᠂ ᠲᠦᠩ ᠸᠧᠢ ᠶᠢᠨ 10GW  ᠤᠨ ᠰᠡᠯᠪᠢᠭ ᠲᠣᠨᠣᠭᠯᠠᠯ᠂ ᠡᠾᠦ᠋ᠢ ᠱᠠᠨ ᠭᠡᠷᠡᠯ ᠴᠡᠨᠡᠭ ᠤᠨ ᠬᠠᠪᠢᠰᠦ ᠵᠡᠷᠭᠡ 18 ᠲᠠᠯᠠᠰᠲᠤ ᠴᠠᠬᠢᠭᠤᠷ ᠤᠨ ᠭᠡᠷᠡᠯ ᠴᠡᠨᠡᠭ ᠤᠨ ᠲᠦᠷᠦᠯ ᠵᠦᠢᠯ ᠢ ᠬᠡᠷᠡᠭᠵᠢᠭᠦᠯᠵᠦ᠂ ᠲᠦᠩ ᠸᠧᠢ ᠶᠢᠨ ᠭᠤᠷᠪᠠᠳᠤᠭᠠᠷ ᠬᠤᠭᠤᠴᠠᠭᠠᠨ ᠤ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠦᠷᠦᠯ ᠵᠦᠢᠯ ᠢ 6 ᠰᠠᠷ᠎ᠠ ᠶᠢᠨ ᠡᠴᠦᠰ ᠢᠶᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠤᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ᠂ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ ᠶᠢ 50 ᠲᠦᠮᠡᠨ ᠲᠣᠨ᠂ 55GW ᠲᠤ ᠬᠦᠷᠬᠡᠵᠦ᠂ ᠤᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ ᠪᠦᠬᠦ ᠬᠤᠲᠠ ᠶᠢᠨ 40% ᠠᠴᠠ ᠳᠡᠭᠡᠭᠰᠢᠬᠢ ᠶᠢ ᠡᠵᠡᠯᠡᠵᠦ᠂ ᠴᠠᠬᠢᠭᠤᠷ ᠤᠨ ᠠᠵᠤ ᠦᠢᠯᠡᠰ ᠤᠨ ᠦᠢᠯᠡᠳᠪᠦᠷᠢᠯᠡᠯ ᠤᠨ ᠦᠷᠲᠡᠭ 800 ᠳ᠋ᠦᠩᠰᠢᠭᠤᠷ ᠲᠥᠭᠦᠷᠢᠭ ᠲᠤ ᠬᠦᠷᠬᠦ ᠶᠢ ᠪᠡᠶᠡᠯᠡᠬᠦᠯᠦᠨ᠎ᠡ᠃ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠶᠯᠡᠳᠬᠦ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠯᠦᠩ ᠮᠠ ᠶᠢᠨ ᠲᠡᠭᠡᠲᠦ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠰᠠᠯᠬᠢᠨ ᠬᠦᠴᠦᠨ ᠤ ᠴᠠᠬᠢᠯᠭᠠᠨ ᠮᠠᠰᠢᠨ᠂ ᠡᠷᠭᠦᠭᠦᠷ ᠮᠠᠰᠢᠨ ᠵᠡᠷᠭᠡ ᠲᠥᠷᠥᠯ ᠵᠦᠢᠯ ᠢ ᠨᠤᠲᠤᠭᠰᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠲᠤ ᠬᠦᠷᠭᠡᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠬᠦ ᠬᠠᠮᠤᠭ ᠤᠨ ᠲᠣᠮᠣ ᠰᠠᠭᠤᠷᠢᠨ ᠢ ᠪᠠᠶᠢᠭᠤᠯᠤᠨ᠎ᠠ᠃ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠪᠠᠶᠢᠷᠢᠰᠢᠭᠤᠯᠵᠤ᠂ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠲᠦᠷᠦᠭᠦᠴᠢ ᠣᠷᠣᠨ ᠢ ᠪᠠᠶᠢᠭᠤᠯᠵᠤ᠂ ᠶᠡᠷᠦᠩᠬᠡᠢ ᠬᠡᠪᠴᠢᠶ᠎ᠡ ᠪᠠᠷ 36 ᠲᠦᠮᠡᠨ ᠲᠡᠭᠰᠢ ᠳᠥᠷᠪᠡᠯᠵᠢᠨ ᠮᠧᠲᠷ ᠤᠨ ︽ ᠴᠠᠬᠢᠮ ᠢᠯᠳᠡᠰᠤ ᠪᠠᠷ ᠣᠶᠤᠨᠴᠢ ᠦᠢᠯᠡᠳᠬᠦ ᠶᠢ ᠲᠡᠶᠢᠴᠢᠯᠠᠬᠤ ᠠᠵᠤ ᠦᠢᠯᠡᠰ ᠤᠨ ᠬᠦᠷᠢᠶᠡᠯᠡᠩ︾ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠸᠧᠢ ᠡᠯ ᠤᠨ ᠬᠤᠶᠠᠳᠤᠭᠠᠷ ᠬᠤᠭᠤᠴᠠᠭ᠎ᠠ᠂ ᠴᠤᠸᠠᠩ ᠰᠢᠨ ᠸᠧᠢ ᠰᠢᠩᠭᠡᠨ ᠲᠠᠯᠠᠰᠲᠤ ᠳᠡᠯᠭᠡᠴᠡ ᠵᠡᠷᠭᠡ 4 ᠲᠥᠷᠥᠯ ᠵᠦᠢᠯ ᠢ ᠬᠡᠷᠡᠭᠵᠢᠭᠦᠯᠵᠦ᠂ ᠬᠠᠭᠠᠰ ᠳᠠᠮᠵᠢᠭᠤᠯᠤᠭᠴᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠨᠡᠭᠦᠷᠡᠰᠦᠲᠥ᠋ᠷᠥᠭᠴᠢᠲᠦ ᠴᠠᠬᠢᠭᠤᠷ ᠤᠨ ᠲᠠᠯᠠᠰᠲᠤ ᠵᠡᠷᠭᠡ ᠨᠠᠷᠢᠯᠢᠭ ᠬᠤᠪᠢᠶᠠᠬᠰᠠᠨ ᠠᠵᠤ ᠦᠢᠯᠡᠰ ᠢ ᠪᠤᠶᠢᠵᠢᠭᠤᠯᠤᠨ ᠣᠷᠣᠭᠤᠯᠤᠨ ᠠᠪᠴᠢᠷᠠᠵᠤ᠂ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠤᠰᠤᠲᠥ᠋ᠷᠥᠭᠴᠢᠵᠢᠭᠤᠯᠤᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠷᠠᠳ ᠬᠤᠪᠢ ᠤᠷᠤᠭᠤᠯᠤᠯᠳᠠ ᠶᠢ ᠡᠷᠭᠡᠰᠢᠶᠡᠭᠰᠡᠨ ᠨᠡᠶᠢᠯᠡᠮᠡᠯ ᠲᠡᠮᠦᠷᠯᠢᠭ ᠤᠨ ᠳ᠋ᠢᠶᠠᠨ ᡂᠢ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ 2024 ᠣᠨ ᠳᠤ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 10GWh ᠲᠤ ᠬᠦᠷᠭᠡᠵᠦ᠂ ᠤᠰᠤᠲᠥ᠋ᠷᠥᠭᠴᠢ ᠡᠨᠧᠷᠭᠢ ᠦᠢᠯᠡᠳᠬᠦ ᠠᠵᠤ ᠦᠢᠯᠡᠰ ᠦᠭᠡᠢ ᠪᠠᠶᠢᠬᠰᠠᠨ ᠲᠡᠦᠬᠡ ᠶᠢ ᠡᠴᠦᠰᠯᠡᠬᠦᠯᠬᠦ ᠶᠢ ᠪᠡᠶᠡᠯᠡᠭᠦᠯᠦᠨ᠎ᠡ᠃     ᠭᠤᠷᠪᠠ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠦᠰᠡᠯᠡᠯᠲᠡ ᠰᠢᠪᠳᠤᠯᠬᠤ  ᠠᠵᠢᠯᠯᠠᠭ᠎ᠠ ᠶᠢ ᠬᠡᠷᠡᠭᠵᠢᠭᠦᠯᠦᠨ᠎ᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ᠂ ᠪᠡᠯᠡ ᠣᠷᠣᠭᠤᠯᠤᠯᠲᠠ ᠶᠢᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ 31 ᠲᠥᠷᠥᠯ ᠵᠦᠢᠯ ᠢ ᠬᠡᠷᠡᠭᠵᠢᠭᠦᠯᠦᠨ᠂ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ︵ᠬᠢᠵᠠᠭᠠᠷᠯᠠᠬᠰᠠᠨ ᠬᠡᠮᠵᠢᠶ᠎ᠡ ᠠᠴᠠ ᠳᠡᠭᠡᠭᠰᠢᠬᠢ︶ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠣᠷᠣᠨ ᠪᠦᠰᠡ ᠶᠢᠨ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠲᠥᠪ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ ᠦᠷᠳᠡᠭ ᠤᠨ ᠬᠡᠯᠬᠢᠶ᠎ᠡ   ᠶᠢᠨ ᠳᠤᠮᠳᠠ ᠪᠠ ᠳᠡᠭᠡᠳᠦ ᠲᠡᠰ ᠤᠨ ᠬᠡᠯᠬᠢᠶ᠎ᠡ ᠲᠡᠶᠢᠰᠢ ᠥᠷᠭᠡᠵᠢᠬᠦ ᠶᠢ ᠠᠬᠢᠭᠤᠯᠤᠨ᠎ᠠ᠃ ᠤᠳᠤ ᠦᠶ᠎ᠡ ᠶᠢᠨ   ᠪᠠᠷᠠᠭᠠᠨ ᠤ ᠬᠦᠢᠯᠬᠡᠬᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠵᠦᠩ ᠶᠤᠸᠠᠨ ᠲᠠᠯᠠᠢ ᠶᠢᠨ ᠲᠡᠭᠡᠭᠡᠪᠦᠷᠢ ᠶᠢᠨ ᠲᠢᠶᠧ ᠵᠢᠶᠧ ᠪᠠᠷᠠᠭᠠᠨ ᠤ ᠬᠦᠢᠯᠬᠡᠬᠡ ᠶᠢ ᠳᠡᠰ ᠳᠡᠪᠰᠢᠭᠦᠯᠦᠨ ᠥᠭᠡᠷᠡᠴᠢᠯᠡᠬᠦ᠂ ᠮᠧᠩ ᠲᠦᠸᠧ ᠯᠢᠩ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ᠂ ᠳ᠋ᠦᠩ ᠰᠢᠶᠠᠩ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠸᠠᠩ ᠱᠧᠩ ᠨᠠᠨ  ᠨᠦᠬᠡᠴᠡᠯᠡᠯᠳᠡ ᠶᠢᠨ ᠨᠢᠭᠡ ᠴᠣᠭᠴᠠᠵᠢᠭᠰᠠᠨ ᠲᠥᠷᠥᠯ ᠵᠦᠢᠯ ᠢ ᠪᠠᠷᠠᠭᠤᠨ ᠣᠷᠣᠨ ᠤ ᠬᠠᠮᠤᠭ ᠤᠨ ᠲᠣᠮᠣ ᠲᠠᠯᠠᠰᠲᠤ ᠴᠠᠬᠢᠭᠤᠷ᠂ ᠬᠤᠪᠣᠷ ᠰᠢᠷᠣᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠪᠣᠯᠭᠠᠨ ᠪᠠᠶᠢᠭᠤᠯᠤᠨ᠎ᠠ᠃ 100 ᠲᠦᠮᠡᠨ ᠲᠣᠨ ᠤ ᠵᠠᠰᠠᠮᠠᠯ ᠵᠠᠮ ᠤᠨ ᠲᠡᠭᠡᠭᠡᠪᠦᠷᠢ ᠠᠴᠠ ᠲᠡᠮᠦᠷ ᠵᠠᠮ ᠤᠨ ᠲᠡᠭᠡᠭᠡᠪᠦᠷᠢ ᠳᠤ ᠰᠢᠯᠵᠢᠬᠦ᠂ 300 ᠲᠦᠮᠡᠨ ᠲᠣᠨ ᠤ ᠲᠠᠷᠠᠬᠠᠢ ᠪᠤᠲᠠᠷᠬᠠᠢ ᠪᠠᠷ ᠲᠡᠬᠡᠬᠡᠪᠦᠷᠢᠯᠡᠬᠦ ᠶᠢ ᠴᠢᠩᠬᠡᠯᠢᠭᠲᠦ ᠲᠡᠬᠡᠬᠡᠪᠦᠷᠢ ᠪᠤᠯᠭᠠᠨ ᠨᠡᠮᠡᠭᠳᠡᠬᠦᠯᠵᠤ᠂ ᠵᠢᠯ ᠤᠨ ᠳᠣᠲᠣᠷ᠎ᠠ ᠪᠠᠷᠠᠭᠠᠨ ᠤ ᠬᠦᠢᠯᠬᠡᠬᠡ ᠶᠢᠨ ᠡᠵᠡᠩᠨᠡᠯᠲᠡ ᠶᠢᠨ ᠣᠷᠣᠯᠭ᠎ᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠲᠡᠷᠢᠭᠦᠨ ᠤ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠰᠡᠯᠪᠢᠨ ᠵᠠᠰᠠᠵᠤ ᠦᠢᠯᠡᠴᠢᠯᠡᠬᠦ ᠵᠡᠷᠭᠡ ᠬᠦᠷᠢᠶᠡᠨ ᠳᠠᠬᠢ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠪᠠᠶᠢᠴᠠᠭᠠᠨ ᠬᠡᠮᠵᠢᠵᠦ ᠨᠤᠳᠠᠯᠠᠬᠤ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠴᠢᠨᠠᠷ     ᠰᠠᠶᠢᠲᠠᠶ ᠪᠠ ᠣᠯᠠᠨ ᠶᠠᠩᠵᠤ ᠲᠡᠶᠢᠰᠢ ᠲᠠᠰ ᠳᠡᠪᠰᠢᠬᠦ ᠶᠢ ᠠᠬᠢᠭᠤᠯᠤᠨ᠎ᠠ᠃ ︽ᠳᠤᠮᠳᠠᠳᠤ ᠮᠣᠩᠭᠤᠯ ᠣᠷᠣᠰ ᠤᠨ ᠰᠢᠨ᠎ᠡ ᠶᠢᠨ ᠪᠠᠷᠠᠭ᠎ᠠ ᠶᠢᠨ ᠨᠠᠶᠢᠷ︾ ᠵᠡᠷᠭᠡ 200 ᠭᠠᠷᠤᠶ ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠢ ᠡᠯ ᠳ᠋ᠦᠨ᠂ ᠬᠤᠸᠠ ᠵᠤ᠋ ᠴᠢᠦᠸᠠᠨ ᠵᠢᠶ ᠵᠡᠷᠭᠡ ᠣᠳᠣᠨ ᠲᠠᠰ ᠤᠨ ᠬᠤᠳᠠᠯᠳᠤᠭᠠᠨ ᠤ ᠶᠠᠪᠤᠳᠠᠯ ᠤᠨ ᠲᠦᠷᠦᠯ ᠲᠡᠮᠳᠡᠭᠲᠦ ᠪᠠᠭᠤᠳᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠪᠤᠭᠤᠲᠤ ᠶᠢᠨ ᠭᠦᠸᠧ ᠪᠢᠨ ᠪᠠᠭᠤᠳᠠᠯ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠫᠢᠸᠤ᠋ ᠶᠢᠨ ᠵᠡᠭᠡᠯᠢ ᠶᠢᠨ ᠲᠣᠭᠤᠷᠢᠭ ᠤᠨ ᠣᠨᠴᠠᠯᠢᠭᠲᠤ ᠡᠵᠡᠩᠨᠡᠯᠲᠡ ᠶᠢᠨ ᠬᠡᠯᠪᠡᠷᠢ ᠵᠢᠴᠢ ᠴᠢᠳᠠᠮᠵᠢ ᠶᠢ ᠪᠠᠶᠠᠯᠢᠭᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ 10 ᠲᠦᠷᠦᠯ ᠲᠡᠮᠳᠡᠭ ᠤᠨ ᠲᠡᠷᠢᠬᠦᠨ ᠳᠡᠯᠭᠡᠭᠦᠷ ᠢ ᠣᠷᠣᠭᠤᠯᠤᠨ ᠠᠪᠴᠢᠷᠠᠵᠤ᠂ ᠮᠤᠤ ᠶᠧ ᠲᠢᠶᠡᠨ ᠳ᠋ᠢ᠂ ᠤᠯᠤᠰ ᠤᠨ ᠡᠨᠧᠷᠭᠢ ᠶᠢᠨ ᠢ ᠪᠠᠢ ᠲᠦᠷᠦᠯ ᠲᠡᠮᠳᠡᠭ ᠤᠨ ᠳᠦᠷᠢ ᠲᠥᠷᠬᠦ ᠶᠢ ᠳᠠᠬᠢᠨ ᠱᠤᠭᠤᠨ᠎ᠠ᠃ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠠᠵᠤ ᠦᠶᠯᠡᠳᠪᠦᠷᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ᠂ ᠬᠦᠨᠳᠡᠯᠡᠨ ᠭᠤᠤᠯ ᠴᠡᠴᠡᠷᠯᠢᠭ ᠤᠨ ᠡᠷᠡᠭᠦᠯ ᠮᠠᠨᠲᠦ ᠪᠡᠶ᠎ᠡ ᠰᠤᠪᠢᠯᠠᠯᠲᠠ ᠶᠢᠨ ᠵᠢᠭᠤᠯᠴᠢᠯᠠᠯ᠂ ᠺᠦᠨ ᠯᠦᠨ ᠴᠠᠨᠠᠯᠠᠯᠲᠠ ᠶᠢᠨ ᠲᠠᠯᠠᠪᠠᠶ ᠶᠢᠨ ᠮᠥᠰᠥ ᠴᠠᠰᠤᠨ ᠤ ᠵᠢᠭᠤᠯᠴᠢᠯᠠᠯ᠂ ᠤᠯᠠᠯᠵᠢ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠡᠭᠦᠳᠴᠦ᠂ ︽ᠵᠡᠭᠡᠯᠢ ᠭᠤᠳᠤᠮᠵᠢ ᠶᠢᠨ ᠳᠠᠭᠤᠤ ᠬᠥᠭᠵᠢᠮ ᠤᠨ ᠨᠠᠶᠢᠷ︾᠂ ︽ᠵᠢᠭᠤᠯᠴᠢᠯᠠᠯ ᠪᠦᠲᠦᠭᠡᠯᠴᠢ ᠰᠣᠶᠣᠯ ᠤᠨ ᠤᠷᠤᠯᠳᠤᠭᠠᠨ︾ ᠤ ᠵᠢᠭᠤᠯᠴᠢᠯᠠᠭᠰᠠᠳ ᠢ ᠲᠡᠳᠠᠬᠤ ᠦᠶᠯᠡᠳᠦᠯ ᠢ ᠥᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠨᠥᠯᠥᠭᠡᠯᠡᠬᠦ ᠬᠦᠴᠦᠨ ᠪᠥᠬᠦᠶ ᠨᠢᠭᠡ ᠪᠦᠯᠦᠭ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠬᠡᠷᠡᠭᠯᠡᠭᠡᠨ ᠤ ᠬᠡᠪ ᠳᠠᠭᠤᠷᠢᠶᠠᠯ ᠢ ᠪᠣᠶ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠲᠡᠳᠬᠦᠨ ᠬᠥᠭᠵᠢᠭᠦᠯᠵᠦ᠂ ᠠ ᠯᠢ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠢ    ᠬᠡᠷᠡᠭᠵᠢᠭᠦᠯᠵᠦ᠂ ᠳᠤᠮᠳᠠ ᠪᠠᠷᠠᠭᠤᠨ ᠣᠷᠣᠨ ᠢ ᠲᠠᠶᠢᠴᠢᠯᠠᠨ ᠨᠦᠯᠦᠭᠡᠯᠡᠭᠰᠡᠨ ᠡᠯᠧᠺᠲᠷᠣᠨ ᠬᠤᠳᠠᠯᠳᠤᠭᠠᠨ ᠤ ᠰᠠᠭᠤᠷᠢᠨ ᠢ ᠪᠠᠶᠢᠭᠤᠯᠤᠨ᠎ᠠ᠃     ᠳᠥᠷᠪᠡ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠪᠠᠬᠢᠵᠢᠭᠦᠯᠬᠦ ᠠᠭᠤᠰᠤᠯᠴᠠᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ    ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃ ᠪᠦᠬᠦ  ᠲᠤᠭᠤᠷᠢᠭ ᠤᠨ    2.9 ᠲᠦᠮᠡᠨ ᠮᠦ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠪᠦᠬᠦ ᠵᠢᠯ ᠤᠨ ᠲᠠᠷᠢᠮᠠᠯ ᠤᠨ ᠲᠠᠯᠠᠪᠠᠶ ᠶᠢ 2 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠭᠤᠣᠯ ᠬᠤᠲᠠ ᠶᠢᠨ ᠲᠣᠭᠤᠷᠢᠭ ᠲᠤ ᠦᠢᠯᠡᠴᠢᠯᠡᠬᠦ ᠶᠢᠨ ᠲᠣᠭᠤᠷᠢᠨ ᠳᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠳᠣ ᠪᠠᠶᠢᠭ᠎ᠠ ᠨᠢᠲᠤᠯᠬᠤ ᠠᠵᠤ ᠠᠬᠤᠶᠢᠯᠠᠯ ᠢ ᠨᠡᠶᠢᠳᠬᠡᠨ ᠳᠡᠭᠡᠭᠰᠢᠯᠡᠭᠦᠯᠵᠦ᠂ ᠵᠢᠯ ᠤᠨ ᠡᠳ᠋ᠰᠢᠭᠦᠯᠬᠦ ᠴᠢᠳᠠᠪᠤᠷᠢ ᠶᠢ 1.4 ᠲᠦᠮᠡᠨ ᠲᠣᠨ ᠳᠤ ᠬᠦᠷᠭᠡᠨ᠎ᠡ᠃ ︽ᠪᠤᠷᠬᠠᠨᠲᠤ ᠶᠢᠨ ᠪᠡᠯᠡᠭ︾ ᠲᠦᠷᠦᠯ ᠲᠡᠮᠳᠡᠭ  ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ ᠰᠢᠨᠡᠳᠬᠡᠵᠦ᠂ ︽ᠵᠢᠵᠢᠭ ᠲᠠᠷᠢᠶᠠᠯᠠᠩ︾ ᠢᠶᠠᠷ ︽ᠶᠡᠭᠡ    ᠦᠢᠯᠡᠰ ᠢ ᠪᠦᠲᠦᠭᠡᠬᠦ︾ ᠶᠢ ᠪᠡᠶᠡᠯᠡᠬᠦᠯᠦᠨ᠎ᠡ  ᠃ ᠬᠤᠲᠠ ᠬᠥᠳᠡᠭᠡ ᠶᠢᠨ ᠬᠦᠢᠳᠡᠨ ᠬᠡᠯᠬᠢᠶᠡᠲᠦ ᠪᠠᠷᠠᠭᠠᠨ ᠤ ᠬᠦᠢᠯᠬᠡᠬᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠩᠭᠠᠯᠭ᠎ᠠ ᠶᠢᠨ ᠬᠡᠯᠬᠢᠶ᠎ᠡ᠂ ᠪᠠᠷᠠᠭᠠᠨ ᠤ ᠭᠦᠶᠯᠭᠡᠭᠡ ᠶᠢᠨ ᠲᠣᠬᠢᠷᠠᠭᠤᠯᠤᠨ ᠬᠦᠷᠭᠡᠬᠦ᠂ ᠲᠠᠸᠠᠷ ᠪᠠ ᠦᠶᠯᠡᠴᠢᠯᠡᠭᠡ ᠶᠢ ᠳᠣᠷᠣᠭᠰᠢ ᠪᠠᠭᠤᠯᠭᠠᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠶᠢᠨ ᠵᠠᠬ᠎ᠠ ᠲᠡᠯᠬᠡᠬᠦᠷ ᠲᠤ ᠭᠠᠷᠭᠠᠬᠤ ᠪᠠᠷ ᠭᠤᠤᠯ ᠱᠤᠭᠤᠮ ᠪᠣᠯᠭᠠᠭᠰᠠᠨ ᠭᠦᠶᠯᠭᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠵᠦ᠂ ᠺᠦᠨᠪᠸᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ 2 ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠦᠢᠳᠡᠨ ᠬᠡᠯᠬᠢᠶ᠎ᠡ  ᠶᠢᠨ ᠲᠤᠨᠤᠭ ᠲᠦᠬᠦᠬᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠵᠢᠯ ᠤᠨ ᠲᠣᠬᠢᠷᠠᠭᠤᠯᠤᠨ ᠬᠦᠷᠭᠡᠬᠦ ᠴᠢᠳᠠᠪᠤᠷᠢ ᠶᠢ 10 ᠲᠦᠮᠡᠨ ᠲᠣᠨ ᠠᠴᠠ ᠳᠡᠭᠡᠭᠰᠢ ᠳᠤ  ᠬᠦᠷᠬᠡᠨ᠎ᠡ᠃     ︵ᠬᠤᠶᠠᠷ︶ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠠᠰᠤᠷᠠᠯᠳᠠ ᠦᠭᠡᠢ ᠪᠤᠶᠢᠵᠢᠭᠤᠯᠵᠤ ᠨᠡᠩ ᠤᠯᠠᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ᠂ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠢ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠪᠠ ᠲᠤᠭ᠎ᠠ ᠬᠡᠮᠵᠢᠶ᠎ᠡ ᠶᠢᠨ ᠨᠡᠯᠢᠶᠡᠳ ᠲᠦᠷᠭᠡᠨ ᠨᠡᠮᠡᠭᠳᠡᠬᠦ ᠶᠢ ᠦᠷᠭᠦᠯᠵᠢᠯᠡᠨ ᠠᠬᠢᠭᠤᠯᠤᠨ᠎ᠠ᠃     ᠨᠢᠭᠡ ᠳᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠨ᠎ᠠ᠃ 100 ᠴᠢᠬᠤᠯᠠ ᠶᠡᠭᠡ ᠲᠥᠷᠦᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 380 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠡᠭᠡᠷ᠎ᠡ     ᠵᠢᠯ ᠤᠨ ᠠᠳᠠᠯᠢ ᠬᠤᠭᠤᠴᠠᠭᠠᠨ ᠤ ᠬᠢ ᠠᠴᠠ 30% ᠣᠷᠴᠢᠮ ᠨᠡᠮᠡᠭᠳᠡᠭᠦᠯᠦᠨ᠎ᠡ᠃ ᠡᠭᠦᠨ ᠳᠤ ᠠᠵᠤ ᠦᠢᠯᠡᠰ ᠤᠨ ᠲᠥᠷᠥᠯ ᠵᠦᠢᠯ 63 ᠪᠠᠶᠢᠵᠤ᠂ ᠵᠢᠯ ᠤᠨ ᠳᠣᠲᠣᠷ᠎ᠠ 325 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠴᠢᠬᠤᠯᠠ ᠶᠡᠭᠡ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠨ᠎ᠠ᠃ ᠭᠤᠤᠯᠳᠠᠯᠭ᠎ᠠ ᠲᠠᠢ ᠲᠥᠷᠥᠯ ᠵᠦᠶᠯ ᠢ ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠶᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠶᠯᠡᠴᠢᠯᠡᠭᠡ᠂ ᠪᠥᠬᠦ ᠡᠯᠧᠮᠧᠨ᠋ᠲ   ᠤᠨ ᠳᠡᠮᠵᠢᠯᠭᠡ ᠪᠠᠲᠤᠯᠠᠭ᠎ᠠ ᠶᠢ ᠬᠡᠷᠡᠭᠵᠢᠭᠦᠯᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠢ 3 ᠰᠠᠷ᠎ᠠ ᠶᠢᠨ ᠡᠴᠦᠰ ᠠᠴᠠ ᠡᠮᠦᠨ᠎ᠡ᠂ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ 4 ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ ᠰᠡᠷᠭᠦᠭᠡᠬᠦ ᠶᠢ ᠪᠠᠲᠤᠯᠠᠵᠤ᠂ 27 ᠠᠵᠤ ᠦᠶᠯᠡᠰ ᠤᠨ ᠲᠥᠷᠥᠯ ᠵᠦᠶᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠢ  ᠤᠬᠠᠭᠠᠯᠠᠨ ᠲᠦᠯᠦᠪᠯᠡᠵᠤ ᠨᠥᠭᠡᠴᠡᠯᠡᠬᠦ ᠶᠢ ᠢᠳᠡᠪᠬᠢᠲᠡᠢ ᠰᠠᠶᠢᠲᠤᠷ ᠬᠢᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠢᠳᠡᠪᠬᠢᠲᠡᠶ ᠵᠣᠯᠭᠠᠭᠤᠯᠤᠨ ᠵᠣᠬᠢᠴᠠᠭᠤᠯᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢᠨ ᠲᠥᠷᠥᠯ ᠵᠦᠢᠯ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ᠂ ᠡᠳ᠋ ᠤᠨ ᠬᠦᠴᠦᠨ ᠤ ᠴᠢᠨᠠᠷᠲᠠᠶ ᠰᠢᠯᠵᠢᠭᠦᠯᠦᠨ ᠥᠭᠬᠦ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠬᠦᠯᠬᠦ ᠪᠠᠷ ᠬᠦᠴᠦᠯᠡᠨ ᠴᠢᠷᠮᠠᠶᠢᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃     ᠬᠤᠶᠠᠷ ᠲᠤ᠂ ︽ᠠᠵᠤ ᠦᠢᠯᠡᠰ ᠤᠨ ᠰᠡᠳᠬᠢᠬᠦᠢ︾ ᠪᠠᠷ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ ᠶᠢ ᠰᠠᠶᠢᠲᠤᠷ ᠠᠳᠬᠤᠨ᠎ᠠ᠃ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠰᠠᠭᠤᠷᠢᠯᠠᠨ᠂ ᠪᠣᠯᠣᠳ ᠲᠡᠮᠦᠷ᠂ ᠬᠡᠷᠡᠯ ᠴᠡᠨᠡᠭ᠂ ᠬᠤᠪᠣᠷ ᠰᠢᠷᠣᠶ ᠵᠡᠷᠭᠡ ᠳᠠᠪᠠᠭᠤᠯᠢᠭ ᠠᠵᠤ ᠦᠶᠯᠡᠰ᠂ ᠬᠠᠭᠠᠰ ᠳᠠᠮᠵᠢᠭᠤᠯᠤᠭᠴᠢ᠂ ᠰᠠᠯᠬᠢᠨ ᠬᠦᠴᠦᠨ ᠤ ᠴᠠᠬᠢᠯᠭᠠᠨ ᠤ  ᠲᠤᠨᠤᠬᠯᠠᠯ ᠦᠶᠯᠡᠳᠬᠦ᠂ ᠤᠰᠤᠲᠥ᠋ᠷᠥᠭᠴᠢᠵᠢᠭᠤᠯᠤᠨ ᠡᠨᠧᠷᠭᠢ ᠬᠠᠳᠠᠭᠠᠯᠠᠬᠤ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠬᠰᠠᠨ ᠠᠵᠤ ᠦᠶᠯᠡᠰ᠂ ᠬᠤᠰᠢᠭᠤᠷᠠᠯ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢ ᠲᠥᠪᠯᠡᠷᠡᠭᠦᠯᠦᠨ ᠪᠢᠲᠡᠭᠦᠮᠵᠢᠯᠡᠵᠦ ᠬᠠᠳᠠᠭᠠᠯᠠᠬᠤ᠂ ᠲᠣᠭᠠᠴᠢᠯᠠᠭᠰᠠᠨ ᠠᠵᠤ ᠠᠬᠤᠶ ᠵᠡᠷᠭᠡ ᠢᠷᠡᠭᠡᠳᠦᠶ ᠶᠢᠨ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠵᠢᠯ ᠳᠤ 190 ᠲᠥᠷᠥᠯ ᠵᠦᠶᠯ ᠢ ᠨᠠᠶᠢᠳᠠᠪᠤᠷᠢᠵᠢᠭᠤᠯᠤᠨ᠂ 1400 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠲᠥᠷᠥᠯ ᠵᠦᠶᠯ ᠤᠨ ᠠᠵᠢᠯ ᠡᠬᠢᠯᠡᠭᠦᠯᠬᠦ ᠨᠣᠷᠮ᠎ᠠ ᠶᠢ 40% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠬᠠᠳᠠᠭᠠᠯᠠᠯᠲᠠ ᠶᠢᠨ ᠬᠡᠮᠵᠢᠶ᠎ᠡ ᠶᠢ ᠥᠷᠭᠡᠳᠬᠡᠬᠦ ᠶᠢ ᠳᠣᠪᠤᠶᠢᠯᠭᠠᠨ᠎ᠠ᠃ ᠪᠤᠭᠤᠲᠤ ᠶᠢᠨ ᠪᠣᠯᠣᠳ ᠲᠡᠮᠦᠷ ᠵᠡᠷᠭᠡ ᠲᠤᠭᠤᠷᠢᠭ ᠲᠤ ᠰᠠᠭᠤᠭ᠎ᠠ ᠤᠯᠤᠰ ᠤᠨ ᠦᠮᠴᠢᠯᠡᠯ ᠤᠨ ᠠᠵᠤ ᠠᠬᠤᠶᠢᠯᠠᠯ ᠪᠠ ᠲᠦᠩ ᠸᠧᠶ ᠮᠧᠶ ᠺᠧ ᠰᠢᠶᠧ ᠰᠢᠨ ᠵᠡᠷᠭᠡ ᠠᠵᠢᠯ ᠲᠥᠷᠥᠯ ᠤᠨ ᠲᠦᠷᠦᠬᠦᠯᠡᠭᠴᠢ ᠠᠵᠤ ᠠᠬᠤᠶᠢᠯᠠᠯ ᠢ ᠳᠡᠮᠵᠢᠵᠦ᠂ ᠠᠵᠤ ᠦᠶᠯᠡᠰ ᠤᠨ ᠣᠨᠴᠠᠯᠢᠭ ᠪᠠ ᠠᠵᠤ ᠦᠶᠯᠡᠰ ᠤᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠲᠤᠮᠳᠠ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠥᠷᠥᠯ ᠵᠦᠶᠯ ᠢ ᠢᠵᠢ ᠪᠥᠷᠢᠳᠦᠭᠦᠯᠦᠨ᠂ ᠰᠡᠳᠬᠢᠯ ᠢ ᠳᠤᠯᠠᠭᠠᠴᠠᠭᠤᠯᠤᠬᠰᠠᠨ ᠦᠶᠯᠡᠴᠢᠯᠡᠭᠡ᠂ ᠴᠢᠩ ᠦᠨᠡᠨᠴᠢ ᠰᠡᠳᠬᠢᠯᠭᠡ ᠪᠠ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠪᠠᠷ ᠳᠡᠮᠵᠢᠨ᠂ ᠨᠠᠩ ᠣᠯᠠᠨ ᠠᠵᠤ ᠠᠬᠤᠶᠢᠯᠠᠯ ᠢ ᠪᠢᠳᠡᠨ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠭᠤᠯᠵᠤ᠂ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠵᠤ᠂ ᠵᠢᠯ ᠤᠨ ᠳᠣᠲᠣᠷ᠎ᠠ 1800 ᠲᠦᠮᠡᠨ ᠳ᠋ᠣᠯᠯᠠᠷ ᠤᠨ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ  ᠪᠡᠯᠡ ᠮᠦᠩᠬᠦ ᠶᠢ ᠦᠨᠡᠨᠬᠦ ᠤᠷᠤᠨ ᠪᠠᠶᠢᠷᠢ ᠳᠤᠨᠢ ᠬᠦᠷᠬᠡᠬᠦ ᠪᠠᠯᠠ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠦᠨ᠎ᠡ᠃      ᠭᠤᠷᠪᠠ ᠳᠤ᠂ ︽ᠦᠶᠯᠡᠴᠢᠯᠡᠭᠡᠨ ᠤ ᠤᠬᠠᠮᠰᠠᠷ︾ ᠢᠶᠠᠷ ᠠᠵᠤ ᠠᠬᠤᠶᠢᠯᠠᠯ ᠢ ᠲᠡᠳᠬᠦᠨ ᠪᠤᠶᠢᠵᠢᠭᠤᠯᠤᠨ᠎ᠠ᠃ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ︽ᠲᠤᠰᠬᠠᠶᠢᠵᠢᠬᠰᠠᠨ ᠨᠠᠷᠢᠯᠢᠬᠵᠢᠬᠰᠠᠨ  ᠤᠨᠴᠠᠯᠢᠬᠵᠢᠬᠰᠠᠨ ᠰᠢᠨ᠎ᠡ︾᠂ ︽ᠵᠢᠵᠢᠭ ᠠᠪᠤᠷᠭᠤ︾   ᠶᠢᠨ 3 ᠠᠵᠤ ᠠᠬᠤᠶᠢᠯᠠᠯ ᠢ ᠪᠤᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢ 9500 ᠠᠴᠠ ᠳᠡᠭᠡᠭᠰᠢ ᠨᠡᠮᠡᠭᠳᠡᠭᠦᠯᠦᠨ᠎ᠡ᠃ ᠪᠢ ᠠᠵᠤ ᠠᠬᠤᠶᠢᠯᠠᠯ ᠳᠤ ᠠᠵᠢᠯᠲᠠᠨ ᠠᠵᠢᠯᠴᠢᠨ ᠡᠷᠢᠵᠦ ᠥᠭᠬᠦ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ᠂ ᠪᠠᠯᠠ ᠮᠥᠩᠭᠦ ᠡᠷᠢᠵᠦ ᠦᠭᠬᠦ ︽ᠭᠤᠷᠪᠠ ᠶᠢ ᠡᠷᠢᠵᠦ ᠦᠭᠬᠦ︾ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ ᠡᠬᠡ ᠲᠠᠩᠰᠠ ᠶᠢ ᠪᠠᠶᠢᠭᠤᠯᠤᠨ᠂ ︽ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ︾ ᠤᠨ ᠠᠵᠤ ᠦᠶᠯᠡᠰ ᠪᠠ ᠴᠢᠳᠠᠪᠤᠷᠢᠲᠠᠨ ᠢ ᠠᠭᠤᠰᠤᠯᠴᠠᠭᠤᠯᠬᠤ ᠲᠠᠪᠴᠠᠩ ᠢ ᠪᠠᠶᠢᠭᠤᠯᠵᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠢ ᠡᠯᠰᠡᠨ ᠤᠷᠤᠭᠤᠯᠤᠨ ᠠᠪᠴᠢᠷᠠᠬᠤ ᠶᠢ ᠤᠨᠢᠨ ᠲᠡᠭᠡᠷ᠎ᠡ ᠨᠢ ᠰᠠᠶᠢᠲᠤᠷ ᠠᠳᠬᠤᠨ᠂ ᠭᠤᠤᠯᠳᠠᠯᠭ᠎ᠠ ᠲᠠᠢ ᠠᠵᠤ ᠦᠶᠯᠡᠰ ᠤᠨ 4000 ᠭᠠᠷᠤᠶ ᠠᠵᠢᠯᠴᠢᠨ ᠬᠡᠷᠡᠭᠯᠡᠬᠦ  ᠬᠡᠷᠡᠭᠴᠡᠭᠡ ᠶᠢ ᠬᠥᠳᠡᠯᠦᠩᠭᠦᠶ ᠪᠠᠷ ᠰᠢᠶᠳᠪᠦᠷᠢᠯᠡᠨ᠎ᠡ᠃ ᠠᠵᠤ ᠠᠬᠤᠶᠢᠯᠠᠯ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠷᠢᠶ᠎ᠠ ᠠᠵᠤ ᠠᠬᠤᠶᠢᠯᠠᠯ ᠯᠤᠭ᠎ᠠ ᠢᠳᠡᠪᠬᠢᠲᠡᠶ ᠬᠠᠮᠲᠤᠷᠠᠯᠴᠠᠭ᠎ᠠ ᠥᠷᠨᠢᠭᠦᠯᠵᠦ᠂ ᠦᠶᠯᠡᠳᠬᠦᠨ ᠢ ᠲᠤᠬᠠᠶ ᠶᠢᠨ ᠭᠠᠵᠠᠷ ᠲᠤᠨᠢ ᠰᠢᠩᠭᠡᠭᠡᠨ  ᠤᠨᠳᠤᠤᠰᠢᠭᠤᠯᠬᠤ ᠶᠢ ᠠᠬᠢᠭᠤᠯᠤᠨ᠎ᠠ᠃ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠶᠯᠭᠡᠭᠡᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠨᠳᠤᠯᠭᠠᠳᠤ ᠴᠢᠨᠠᠷᠲᠠᠶ ᠪᠠᠷ ᠮᠥᠩᠭᠦᠨ ᠭᠦᠶᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠳᠤ ᠲᠦᠬᠡᠮᠡᠯ ᠬᠠᠷᠠᠭᠠᠯᠵᠠᠯᠲᠦ ᠠᠰᠢᠭ ᠬᠦᠷᠲᠡᠭᠡᠬᠦ ᠮᠥᠩᠭᠦᠨ ᠭᠦᠶᠯᠭᠡᠭᠡᠨ ᠤ ᠦᠶᠯᠡᠴᠢᠯᠡᠭᠡ ᠬᠠᠩᠭᠠᠵᠤ᠂ ᠵᠢᠯ ᠤᠨ ᠳᠣᠲᠣᠷ᠎ᠠ 3 ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ 2 ᠠᠵᠤ ᠠᠬᠤᠶᠢᠯᠠᠯ ᠢ ᠪᠤᠶᠢᠵᠢᠭᠤᠯᠬᠤ ᠪᠠᠷ ᠴᠢᠷᠮᠠᠶᠢᠨ᠎ᠠ᠃     ᠳᠥᠷᠪᠡ ᠳᠤ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾ ᠪᠠᠷ ᠲᠡᠮᠵᠢᠯᠬᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠪᠦᠬᠦ ᠡᠯᠧᠮᠧᠨ᠋ᠲ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠎ᠠ᠃ ᠬᠦᠷᠢᠶᠡᠯᠡᠩ ᠲᠣᠭᠤᠷᠢᠭ ᠤᠨ ᠵᠢᠩ ᠶᠧ ᠵᠠᠮ᠂ ᠸᠧᠢ ᠴᠢ ᠯᠤ᠋ ᠵᠠᠮ ᠵᠡᠷᠭᠡ 8 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠭᠤᠯᠤᠨ᠎ᠠ᠃ ᠠᠩᠬ᠎ᠠ ᠰᠢᠢᠳᠪᠦᠷᠢᠯᠡᠭᠰᠡᠨ ᠠᠮᠢᠳᠦᠷᠠᠯ ᠤᠨ ᠪᠤᠬᠢᠷ ᠤᠰᠤ ᠶᠢ ᠳᠠᠬᠢᠨ ᠠᠰᠢᠭᠯᠠᠬᠤ ᠢᠨᠵᠧᠨᠧᠷᠢᠩ ᠪᠠ ᠠᠵᠤ ᠦᠶᠯᠡᠳᠪᠦᠷᠢ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠪᠤᠷᠬᠠᠨᠲᠤ ᠶᠢᠨ 500KV ᠤᠨ ᠬᠤᠪᠢᠰᠬᠠᠭᠤᠷ ᠤᠨ ᠦᠷᠳᠡᠭᠡ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 3000 ᠲᠦᠮᠡᠨ ᠪᠣᠰᠤᠭ᠎ᠠ ᠳᠥᠷᠪᠡᠯᠵᠢᠨ  ᠮᠧᠲᠷ ᠤᠨ ᠠᠵᠤ ᠦᠶᠯᠡᠳᠪᠦᠷᠢ ᠶᠢᠨ ᠤᠰᠤ ᠬᠠᠩᠭᠠᠬᠤ ᠴᠢᠳᠠᠪᠤᠷᠢ᠂ 480 ᠲᠦᠮᠡᠨ ᠬᠢᠯᠦᠸᠠᠲ ᠤᠨ ᠴᠠᠬᠢᠯᠭᠠᠨ ᠬᠦᠴᠦᠨ ᠤ ᠳᠠᠭᠠᠭᠠᠴᠠ ᠶᠢ ᠰᠢᠨ᠎ᠡ ᠪᠠᠷ ᠨᠡᠮᠡᠭᠳᠡᠭᠦᠯᠦᠨ᠎ᠡ᠃ ᠠᠷᠠᠯᠲᠦ ᠢᠯᠴᠢ ᠶᠢᠨ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠬᠦᠷᠢᠶᠡᠯᠡᠩ ᠳᠤ ᠣᠷᠣᠵᠤ ᠰᠠᠭᠤᠬᠤ ᠠᠵᠤ ᠠᠬᠤᠶᠢᠯᠠᠯ ᠳᠤ ᠡᠯ᠎ᠡ ᠲᠥᠷᠥᠯ ᠤᠨ ᠦᠢᠯᠡᠳᠪᠦᠷᠢᠯᠡᠯ ᠳᠤ ᠬᠡᠷᠡᠭᠯᠡᠬᠦ ᠬᠡᠢ ᠶᠢ ᠬᠠᠩᠭᠠᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ᠂ ᠬᠤᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢ ᠢᠵᠢ ᠪᠦᠷᠢᠳᠦᠭᠦᠯᠬᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠵᠡᠷᠭᠡ ᠬᠥᠭᠵᠢᠯᠲᠡ ᠶᠢᠨ ᠲᠠᠯ᠎ᠠ ᠪᠠᠷ ᠬᠢ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︽ᠮᠦ ᠨᠢᠬᠡᠴᠢ ᠶᠢᠨ ᠦᠷ᠎ᠡ ᠪᠦᠳᠦᠮᠵᠢ ᠪᠠᠷ ᠪᠠᠭᠠᠲᠤᠷ ᠢ ᠦᠨᠡᠯᠡᠬᠦ︾  ᠤᠶᠢᠯᠠᠭᠠᠬᠳᠠᠬᠤᠨ ᠢ  ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠦᠷ᠎ᠡ ᠠᠰᠢᠭ ᠢᠶᠠᠷ ᠳᠣᠣᠷ᠎ᠠ ᠪᠠᠶᠢᠭ᠎ᠠ 600 ᠮᠦ ᠭᠠᠵᠠᠷ ᠰᠢᠷᠦᠢ ᠶᠢ ᠠᠮᠢᠯᠠᠭᠤᠯᠤᠨ᠂ ᠵᠥᠪᠰᠢᠶᠡᠷᠡᠨ ᠣᠷᠣᠭᠤᠯᠬᠤ ᠲᠣᠭᠲᠠᠴᠠ ᠶᠢ ᠴᠢᠩᠳᠠᠯᠠᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠢᠷᠤᠮᠵᠢᠭᠤᠯᠤᠨ᠂ ᠪᠡᠯᠡ ᠣᠷᠣᠭᠤᠯᠤᠯᠲᠠ ᠶᠢᠨ ᠡᠷᠴᠢᠮ ᠢ 270 ᠲᠦᠮᠡᠨ ᠲᠥᠭᠦᠷᠢᠭ / ᠮᠤ᠋᠂ ᠦᠢᠯᠡᠳᠬᠦᠨ ᠤ ᠥᠷᠲᠡᠭ ᠢ 300 ᠲᠦᠮᠡᠨ ᠲᠥᠭᠦᠷᠢᠭ / ᠮᠤ᠋᠂ ᠭᠠᠶᠢᠯᠢ ᠶᠢᠨ ᠣᠷᠣᠯᠭ᠎ᠠ ᠶᠢ 10 ᠲᠦᠮᠡᠨ ᠲᠥᠭᠦᠷᠢᠭ / ᠮᠤ᠋ ᠠᠴᠠ ᠳᠡᠭᠡᠭᠰᠢ ᠬᠦᠷᠬᠡᠵᠦ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠨ᠂ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠢ ᠴᠢᠷᠮᠠᠶᠢᠨ ᠡᠭᠦᠳᠦᠨ᠎ᠡ᠃ ᠣᠶᠤᠨᠴᠢ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠢ ᠬᠢᠨᠠᠨ ᠲᠤᠭᠳᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠪᠠ ᠣᠶᠤᠨᠴᠢᠯᠠᠭᠰᠠᠨ ᠠᠴᠢᠶᠠᠯᠠᠪᠤᠷᠢ ᠶᠢ ᠪᠣᠶ ᠪᠣᠯᠭᠠᠵᠤ᠂ 2 ᠲᠡᠭᠡᠲᠦ ᠬᠡᠮᠵᠢᠶᠡᠨ ᠤ ᠠᠦ᠋ᠲ᠋ᠤᠴᠢᠯᠠᠬᠰᠠᠨ ᠤᠶᠤᠨᠳᠤ ᠦᠶᠯᠡᠳᠪᠦᠷᠢ᠂ 2 ᠪᠣᠬᠢᠷᠲᠤᠯ ᠥᠬᠡᠶ ᠦᠶᠯᠡᠳᠪᠦᠷᠢ ᠶᠢ ᠡᠭᠦᠳᠦᠨ ᠪᠠᠶᠢᠭᠤᠯᠤᠨ᠎ᠠ᠃       ︵ᠭᠤᠷᠪᠠ︶  ᠡᠷᠡᠰ ᠭᠤᠶᠢᠪᠢᠰᠢ ᠦᠬᠡᠢ ᠪᠠᠷ ᠥᠭᠡᠷᠡᠴᠢᠯᠡᠯᠲᠡ ᠶᠢ ᠬᠦᠨᠵᠡᠬᠡᠶᠢᠷᠡᠬᠦᠯᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠴᠢᠷ ᠠᠰᠠᠭᠤᠳᠠᠯ ᠢ ᠰᠢᠶᠳᠪᠦᠷᠢᠯᠡᠨ᠂ ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠲᠡᠷᠢᠭᠦᠨ ᠵᠡᠷᠬᠡ  ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠵᠦ᠂ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠠᠩ ᠡᠷᠴᠢᠮᠲᠡᠶ᠂ ᠠᠮᠢᠵᠢᠷᠠᠯ ᠤᠨ ᠬᠦᠴᠦᠨ ᠢ ᠨᠠᠩ ᠬᠦᠢᠴᠡᠳ ᠪᠣᠯᠭᠠᠨ᠎ᠠ᠃      ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ   ᠢᠶᠠᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠᠨ ᠵᠦᠶᠯ ᠤᠨ ᠭᠤᠤᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ ᠲᠠᠭᠠᠭᠤᠯᠤᠭᠴᠢ ᠠᠵᠤ ᠠᠬᠤᠶᠢᠯᠠᠯ ᠲᠦᠷᠦᠬᠦᠯᠡᠨ  ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠳᠡᠮᠵᠢᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 68 ᠪᠤᠯᠭᠠᠨ ᠨᠡᠮᠡᠭᠳᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 100 ᠠᠴᠠ ᠳᠡᠭᠡᠭᠰᠢ ᠪᠤᠯᠭᠠᠨ ᠨᠡᠮᠡᠭᠳᠡᠬᠦᠯᠵᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠬᠦᠬᠦᠯᠬᠦ ᠨᠣᠷᠮ᠎ᠠ ᠶᠢ 60% ᠠᠴᠠ ᠳᠡᠭᠡᠭᠰᠢ ᠳᠤ ᠬᠦᠷᠬᠡᠵᠦ᠂ R& D ᠳᠠᠬᠢ ᠣᠷᠣᠭᠤᠯᠤᠯᠲᠠ ᠶᠢᠨ ᠡᠷᠴᠢᠮ ᠢ 2.68% ᠳᠤ ᠬᠦᠷᠬᠡᠨ᠎ᠡ᠃ ᠰᠢᠨ᠎ᠡ ᠶᠢ ᠡᠭᠦᠳᠬᠦ ᠲᠠᠪᠴᠠᠩ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ᠬᠤᠸᠠ ᠷᠦᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢ ᠠᠬᠢᠭᠤᠯᠵᠤ᠂ ᠵᠧᠵᠢᠶᠠᠩ ᠶᠡᠭᠡ ᠰᠤᠷᠭᠠᠭᠤᠯᠢ — ᠪᠤᠭᠤᠲᠤ ᠶᠢᠨ ᠴᠠᠬᠢᠭᠤᠷ ᠤᠨ ᠮᠠᠲ᠋ᠧᠷᠢᠶᠠᠯ ᠤᠨ ᠬᠠᠮᠲᠤᠷᠠᠭᠰᠠᠨ ᠰᠤᠳᠤᠯᠭᠠᠨ ᠤ ᠲᠥᠪ ᠤᠨ ᠪᠣᠳᠠᠲᠤ ᠴᠣᠭᠴᠠᠵᠢᠭᠤᠯᠤᠨ ᠠᠵᠢᠯᠯᠠᠬᠤ ᠶᠢ ᠳᠠᠮᠵᠢᠵᠤ᠂ ᠲᠦᠩ ᠸᠧᠢ᠂ ᠮᠧᠢ ᠺᠧ ᠵᠡᠷᠭᠡ 3 ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠳᠠᠮᠵᠢᠵᠤ᠂ ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠢ 75 ᠶᠢ ᠲᠠᠪᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠤᠨ᠎ᠠ᠃  ᠦᠪᠦᠷ ᠮᠤᠩᠭᠤᠯ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠲᠤᠩᠬᠠᠭ ᠨᠡᠶᠢᠲᠡᠯᠡᠵᠦ ᠮᠠᠩᠯᠠᠶᠢᠯᠠᠬᠴᠢ ᠡᠯᠰᠡᠬᠦ︾ 2 ᠲᠥᠷᠥᠯ ᠵᠦᠶᠯ᠂ ᠰᠢᠨᠵᠢᠯᠡᠬᠦ ᠤᠬᠠᠭᠠᠨ ᠲᠧᠭᠨᠢᠭ    ᠮᠡᠷᠭᠡᠵᠢᠯ  ᠤᠨ ᠦᠷ᠎ᠡ ᠪᠦᠳᠦᠬᠡᠯ ᠢ ᠤᠨᠳᠤᠤᠰᠢᠭᠤᠯᠬᠤ 8 ᠲᠥᠷᠥᠯ ᠵᠦᠶᠯ ᠢ ᠬᠡᠷᠡᠭᠵᠢᠭᠦᠯᠵᠦ᠂ ᠮᠡᠷᠭᠡᠵᠢᠯ ᠤᠨ ᠠᠷᠠᠯᠵᠢᠶ᠎ᠠ ᠪᠦᠳᠦᠬᠦ ᠬᠡᠮᠵᠢᠶ᠎ᠡ ᠶᠢ 30% ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠦᠨᠡᠨ ᠪᠤᠳᠠᠳᠤ ᠠᠯᠳᠠ ᠮᠦᠩᠭᠦ︾  ᠪᠤᠯᠭᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ︽ᠥᠷᠲᠡᠭ ᠢ ᠪᠡᠯᠡᠨ ᠵᠣᠭᠤᠰ ᠪᠣᠯᠭᠠᠬᠤ︾ ᠶᠢ ᠪᠡᠶᠡᠯᠡᠬᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠴᠢᠳᠠᠪᠤᠷᠢᠲᠠᠨ ᠢ ᠣᠷᠣᠭᠤᠯᠤᠨ     ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠴᠤᠭᠯᠠᠭᠤᠯᠬᠤ᠂ ᠴᠢᠳᠠᠪᠤᠷᠢᠲᠠᠨ ᠢ ᠦᠯᠡᠳᠡᠭᠡᠬᠦ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠤᠶᠠᠨ ᠬᠠᠳᠠᠨ ᠴᠢᠨᠠᠷᠲᠡᠢ ᠪᠠᠷ 1 ᠠᠺᠠᠳᠧᠮᠢᠴᠢ ᠶᠢ ᠣᠷᠣᠭᠤᠯᠤᠨ ᠠᠪᠴᠢᠷᠠᠵᠤ᠂ ᠲᠡᠭᠡᠲᠦ ᠳᠡᠰ   ᠤᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ 500 ᠠᠴᠠ ᠳᠡᠭᠡᠭᠰᠢ ᠣᠷᠣᠭᠤᠯᠤᠨ ᠠᠪᠴᠢᠷᠠᠨ᠎ᠠ᠃     ᠬᠤᠶᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠦᠰᠡᠯᠡᠯᠲᠡ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ ᠤᠯᠤᠰ ᠤᠨ ᠦᠮᠴᠢᠯᠡᠯ ᠤᠨ 3 ᠠᠵᠤ ᠠᠬᠤᠶᠢᠯᠠᠯ ᠤᠨ ᠬᠢᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠬᠤᠲᠠ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠠᠷᠠᠳ ᠤᠨ ᠠᠮᠢᠳᠤᠷᠠᠯ ᠳᠤ ᠦᠶᠯᠡᠴᠢᠯᠡᠬᠦ ᠲᠣᠭᠤᠷᠢᠨ ᠳᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠵᠦ᠂ 2A ᠲᠠᠰ ᠤᠨ ᠤᠯᠤᠰ ᠤᠨ ᠦᠮᠴᠢᠯᠡᠯ ᠤᠨ 1 ᠪᠣᠳᠠᠲᠤ ᠴᠣᠭᠴᠠ ᠶᠢᠨ ᠺᠣᠮᠫᠠᠨᠢ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠢ ᠬᠢᠨᠠᠨ ᠰᠢᠯᠭᠠᠵᠤ ᠦᠨᠡᠯᠡᠬᠦ ᠬᠠᠮᠢᠶᠠᠷᠤᠯᠲᠠ ᠪᠠ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠭᠠᠴᠠᠭ᠎ᠠ ᠲᠣᠰᠬᠤᠨ ᠤ ᠺᠠᠳ᠋ᠷ ᠤᠨ ᠴᠠᠯᠢᠩ ᠣᠯᠭᠤᠮᠵᠢ ᠶᠢ ᠨᠡᠮᠡᠭᠳᠡᠭᠦᠯᠬᠦ ᠲᠣᠭᠲᠠᠴᠠ ᠶᠢ ᠰᠦᠪᠡᠭᠴᠢᠯᠡᠨ᠎ᠡ᠃ ᠭᠠᠳᠠᠭᠰᠢ ᠨᠡᠭᠡᠭᠡᠯᠲᠡ ᠬᠢᠬᠦ ᠠᠷᠭ᠎ᠠ ᠵᠠᠮ ᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ᠴᠢᠯᠥᠭᠡᠲᠦ ᠠᠷᠠᠯᠵᠢᠶᠠᠨ ᠤ ᠣᠷᠣᠨ ᠤ ᠬᠥᠨᠳᠡᠯᠡᠨ ᠲᠣᠭᠤᠷᠢᠭ ᠤᠨ ᠬᠡᠰᠡᠭ ᠲᠤᠭᠤᠷᠢᠭ ᠬᠤᠪᠢᠶᠠᠬᠤ ᠲᠥᠷᠥ ᠶᠢᠨ ᠪᠣᠳᠣᠯᠭ᠎ᠠ ᠶᠢ ᠲᠡᠮᠡᠴᠡᠨ ᠣᠯᠵᠤ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠤᠯᠤᠰ ᠤᠨ ᠲᠠᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠰᠠᠭᠤᠷᠢᠨ ᠤ ᠦᠶᠯᠡᠳᠦᠯ ᠢ ᠭᠦᠶᠴᠡᠳ ᠪᠠᠳᠠᠷᠠᠭᠤᠯᠤᠨ᠂ ᠪᠤᠭᠤᠲᠤ ᠶᠢᠨ ᠪᠣᠯᠣᠳ ᠲᠡᠮᠦᠷ ᠤᠨ ᠲᠢᠶᠧ ᠵᠢᠶᠧ᠂ ᠪᠤᠤ ᠱᠧᠨ ᠪᠦᠯᠦᠭᠯᠡᠯ ᠳᠤ ᠲᠦᠰᠢᠭᠯᠡᠨ ᠪᠣᠭᠤᠮᠲᠠ ᠵᠢᠴᠢ ᠬᠠᠭᠤᠷᠠᠶ ᠶᠢᠨ ᠪᠠ ᠲᠡᠯᠡᠶ ᠶᠢᠨ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ᠂ ᠣᠩᠭᠤᠴᠠ ᠥᠬᠡᠶ ᠪᠠᠷ ᠠᠴᠢᠶᠠᠯᠠᠨ ᠲᠡᠭᠡᠭᠡᠪᠦᠷᠢᠯᠡᠬᠦ ᠵᠡᠷᠭᠡ ᠰᠢᠨ᠎ᠡ ᠵᠠᠭᠪᠤᠷ ᠢ ᠬᠡᠷᠡᠭᠯᠡᠨ᠂ ᠪᠣᠯᠣᠳ ᠲᠡᠮᠦᠷ᠂ ᠲᠠᠯᠠᠰᠲᠤ ᠴᠠᠬᠢᠭᠤᠷ᠂ ᠬᠤᠪᠣᠷ ᠰᠢᠷᠣᠶ ᠵᠡᠷᠭᠡ ᠪᠦᠬᠡᠮ ᠲᠠᠸᠠᠷ ᠤᠨ ᠦᠶᠯᠡᠳᠬᠦᠨ ᠤ ᠠᠷᠠᠯᠵᠢᠶ᠎ᠠ ᠶᠢ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃     ᠭᠤᠷᠪᠠ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠨᠢᠭᠡ ᠰᠦᠯᠵᠢᠶ᠎ᠡ ᠨᠢᠭᠡ ᠲᠠᠪᠴᠠᠩ︾ ᠤᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠢᠵᠦ ᠲᠠᠭᠤᠰᠬᠠᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠨᠢᠭᠡ ᠰᠦᠯᠵᠢᠶ᠎ᠡ ᠪᠠᠷ ᠭᠦᠶᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠶᠴᠡᠳᠬᠡᠬᠦ︾ 37 ᠵᠦᠶᠯᠡᠰ ᠢ ᠰᠢᠨ᠎ᠡ ᠪᠠᠷ ᠨᠡᠮᠡᠭᠳᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠠᠷᠢᠮᠵᠢᠶᠠᠵᠢᠭᠤᠯᠤᠨ ᠪᠠᠶᠢᠭᠤᠯᠬᠤ ᠶᠢ ᠴᠢᠩᠭᠠᠳᠬᠠᠵᠤ᠂ ︽ᠦᠯᠢᠬᠡᠷ ᠬᠡᠪ ᠬᠡᠯᠪᠡᠷᠢ︾ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ︵ᠥᠷᠲᠡᠭᠡ︶ ᠤᠨ ᠡᠵᠡᠯᠡᠬᠦ ᠬᠠᠷᠢᠴᠠᠯ ᠢ 30% ᠳᠤ ᠬᠦᠷᠬᠡᠨ᠎ᠡ᠃ ᠠᠵᠤ ᠠᠬᠤᠶᠢᠯᠠᠯ ᠳᠤ ᠬᠠᠨᠳᠤᠭᠤᠯᠤᠭᠰᠠᠨ ᠦᠶᠯᠡᠴᠢᠯᠡᠭᠡ ᠶᠢ ᠴᠢᠩᠭᠠᠳᠬᠠᠨ᠎ᠠ᠃ ᠪᠠᠷᠢᠯᠭ᠎ᠠ ᠶᠢᠨ ᠲᠥᠷᠥᠯ ᠵᠦᠶᠯ ᠢ ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠤᠲᠠᠭᠳᠠᠬᠰᠠᠨ ᠢ ᠠᠭᠤᠴᠢᠯᠠᠵᠤ ᠭᠥᠯᠢᠶᠡᠨ ᠠᠪᠴᠤ ᠰᠢᠶᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ 99 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠬᠢᠨᠡᠨ ᠵᠦᠪᠰᠢᠶᠡᠷᠡᠬᠦ ᠡᠷᠬᠡ ᠶᠢ ᠪᠠᠭᠤᠯᠭᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠪᠡᠶᠡᠯᠡᠭᠦᠯᠬᠦ ᠪᠠ ᠵᠠᠰᠠᠭ ᠤᠨ ᠣᠷᠳᠣᠨ ᠤ ᠭᠡᠷ᠎ᠡ ᠪᠠᠨ ᠭᠦᠶᠴᠡᠳᠬᠡᠵᠦ ᠠᠮᠠᠯᠠᠯᠲᠠ ᠪᠠᠨ ᠦᠶᠯᠡᠳᠦᠯᠭᠡᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠵᠦ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠥᠬᠡᠶ︾ ᠪᠠᠶᠢᠵᠤ ᠣᠭᠲᠣ ᠪᠣᠯᠬᠤ ᠥᠬᠡᠶ᠃      ︵ᠳᠥᠷᠪᠡ︶ ᠦᠢᠯᠡᠳᠦᠯ ᠴᠢᠳᠠᠮᠵᠢ ᠶᠢᠨ ᠴᠢᠨᠠᠷ ᠴᠢᠨᠰᠠᠭ᠎ᠠ ᠶᠢ ᠡᠷᠡᠰ ᠭᠤᠶᠢᠪᠢᠰᠢ ᠥᠬᠡᠶ ᠳᠡᠭᠡᠭᠰᠢᠯᠡᠭᠦᠯᠵᠦ᠂ ᠪᠠᠶᠢᠭᠤᠯᠵᠤ ᠬᠠᠮᠢᠶᠠᠷᠬᠤ ᠨᠢ ᠨᠠᠷᠢᠯᠢᠭ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠥᠮᠦᠨ ᠢᠶᠠᠷ ᠦᠨᠳᠦᠰᠦ ᠪᠣᠯᠭᠠᠬᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠤᠲᠠ ᠶᠢᠨ ᠬᠥᠭᠵᠢᠯᠲᠡ ᠶᠢ ︽ ᠨᠤᠭᠤᠭᠠᠨ᠂ ᠬᠡᠷᠡᠯᠳᠦᠬᠦᠯᠬᠡ ᠲᠠᠢ᠂ ᠦᠵᠡᠰᠬᠦᠯᠡᠩᠲᠦ ᠰᠠᠶᠢᠬᠠᠨ︾᠂ ᠬᠥᠳᠡᠭᠡ ᠲᠣᠰᠬᠤᠨ ᠤ ᠬᠥᠭᠵᠢᠯᠲᠡ ᠶᠢ ︽ᠰᠠᠶᠢᠨ ᠪᠠᠶᠠᠨ ᠰᠢᠯᠢᠳᠡᠭ︾ ᠪᠣᠯᠭᠠᠨ᠎ᠠ᠃      ᠨᠢᠭᠡ ᠳᠤ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ ᠵᠠᠮ ᠪᠠ ᠬᠤᠭᠤᠯᠠᠶ ᠶᠢᠨ ᠲᠤᠤᠷ ᠢ ᠰᠢᠯᠢᠳᠡᠭᠵᠢᠭᠦᠯᠦᠨ᠎ᠡ᠃  ᠪᠤᠷᠤ ᠬᠤᠰᠢᠭᠤ ᠦᠵᠦᠬᠦᠷ ᠬᠤᠶᠢᠲᠤ ᠵᠠᠮ ᠵᠡᠷᠭᠡ 5 ᠵᠤᠷᠪᠤᠰ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠵᠠᠰᠠᠵᠤ᠂ ᠬᠦᠨᠳᠡᠯᠡᠨ ᠭᠤᠤᠯ ᠵᠡᠭᠦᠨ ᠵᠠᠮ ᠵᠡᠷᠭᠡ 2 ᠵᠤᠷᠪᠤᠰ ᠮᠤᠬᠤᠷ ᠵᠠᠮ ᠢ ᠨᠡᠪᠲᠡᠷᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠪᠣᠯᠭᠠᠨ᠎ᠠ᠃ ︽ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠶᠡᠷᠦᠩᠬᠡᠶᠢᠯᠡᠭᠰᠡᠨ ᠵᠠᠰᠠᠯᠲᠠ ᠶᠢᠨ 21 ᠰᠠᠷ᠎ᠠ ᠶᠢᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠪᠡᠶᠡᠯᠡᠭᠦᠯᠵᠦ᠂ 16 ᠵᠤᠷᠪᠤᠰ᠂ 9.7  ᠺᠢᠯᠦᠮᠧᠲᠷ ᠤᠨ ᠪᠣᠷᠣᠭᠠᠨ ᠤ ᠤᠰᠤ ᠪᠠ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠬᠤᠭᠤᠯᠠᠢ  ᠶᠢᠨ ᠪᠣᠷᠣᠭᠠᠨ ᠤ ᠤᠰᠤ ᠪᠠ ᠪᠣᠬᠢᠷ ᠤᠰᠤ ᠶᠢ ᠭᠠᠳᠠᠭᠰᠢᠯᠠᠭᠤᠯᠬᠤ ᠬᠤᠯᠢᠯᠳᠤᠨ ᠵᠤᠯᠭᠠᠬᠰᠠᠨ ᠴᠡᠭ ᠢ ᠬᠥᠳᠡᠯᠦᠩᠭᠦᠢ ᠪᠠᠷ ᠰᠢᠢᠳᠪᠦᠷᠢᠯᠡᠨ ᠦᠭᠡᠢ ᠪᠣᠯᠭᠠᠨ᠎ᠠ᠃ ᠳᠤᠯᠠᠭᠠᠯᠭ᠎ᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠲᠠ ᠶᠢᠨ ᠢᠯᠴᠢ ᠬᠠᠩᠭᠠᠬᠤ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠤᠢ ᠪᠤᠯᠭᠠᠨ᠎ᠠ᠃ ᠰᠠᠭᠤᠭᠠᠯᠢ ᠠᠷᠠᠳ ᠤᠨ ᠰᠠᠨᠠᠯ ᠢ ᠭᠦᠢᠴᠡᠳ ᠰᠣᠨᠣᠰᠴᠤ᠂ ᠯᠢᠨ ᠨᠠᠨ ᠨᠡᠶᠢᠭᠡᠮ ᠲᠣᠭᠤᠷᠢᠭ ᠤᠨ ᠲᠡᠷᠭᠡᠨ ᠥᠷᠲᠡᠭᠡᠨ ᠤ ᠪᠠᠶᠢᠰᠢᠩ ᠭᠡᠷ ᠤᠨ ᠲᠣᠭᠤᠷᠢᠭ ᠤᠨ ᠥᠭᠡᠷᠡᠴᠢᠯᠡᠡ ᠪᠠᠶᠢᠭᠤᠯᠬᠤ ᠲᠥᠷᠥᠯ ᠵᠦᠢᠯ ᠢ ᠨᠠᠷᠢᠨ ᠨᠢᠮᠪᠠᠢ ᠬᠡᠷᠡᠭᠵᠢᠭᠦᠯᠵᠦ᠂ 39 ᠭᠠᠵᠠᠷ ᠲᠠᠬᠢ᠂ 63.2 ᠲᠦᠮᠡᠨ ᠲᠡᠭᠰᠢ ᠳᠥᠷᠪᠡᠯᠵᠢᠨ ᠮᠧᠲᠷ ᠤᠨ ᠬᠤᠳᠠ ᠶᠢᠨ     ᠲᠤᠭᠤᠷᠢᠭ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠡ ᠪᠠᠶᠢᠭᠤᠯᠬᠤ ᠶᠢ ᠰᠠᠶᠢᠲᠤᠷ ᠬᠢᠵᠦ᠂ 7 ᠭᠠᠵᠠᠷ ᠲᠠᠬᠢ᠂   3.4 ᠲᠦᠮᠡᠨ ᠲᠡᠭᠰᠢ ᠳᠥᠷᠪᠡᠯᠵᠢᠨ ᠮᠧᠲᠷ ᠤᠨ ᠬᠤᠲᠠ ᠲᠣᠭᠤᠷᠢᠭ ᠤᠨ ︽ᠬᠠᠭᠤᠴᠢᠨ ᠪᠠᠶᠢᠰᠢᠩ ᠭᠡᠷ︾ ᠢ ᠨᠡᠭᠦᠯᠭᠡᠵᠦ ᠲᠥᠪᠬᠢᠨᠡᠭᠦᠯᠬᠦ ᠠᠰᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠲᠦᠮᠡᠨ ᠢ ᠳᠤᠯᠠᠭᠠᠯᠠᠭ᠎ᠠ ᠬᠠᠩᠭᠠᠬᠤ ᠬᠤᠭᠤᠴᠠᠭ᠎ᠠ ᠠᠴᠠ ᠡᠮᠦᠨ᠎ᠡ ᠰᠢᠨ᠎ᠡ ᠣᠷᠣᠨ ᠰᠠᠭᠤᠴᠠ ᠳᠤ ᠨᠡᠭᠦᠵᠦ ᠤᠷᠤᠵᠤ᠂ ᠭᠡᠷ ᠬᠥᠷᠥᠩᠭᠡ ᠶᠢᠨ ᠦᠮᠴᠢᠯᠡᠯ ᠤᠨ ᠦᠨᠡᠮᠯᠡᠯ ᠢᠶᠠᠨ ᠤᠯᠬᠤ ᠶᠢ ᠪᠡᠶᠡᠯᠡᠬᠦᠯᠦᠨ᠎ᠡ᠃ 4 ᠲᠠᠸᠠᠷ ᠤᠨ ᠤᠷᠤᠨ ᠰᠠᠭᠤᠴᠠ  ᠶᠢᠨ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠶᠯ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠳᠤ ︽ᠭᠡᠷ ᠪᠠᠶᠢᠰᠢᠩ ᠢ ᠲᠤᠰᠢᠶᠠᠬᠰᠠᠨ ᠳᠠᠷᠤᠶ ᠦᠨᠡᠮᠯᠡᠯ ᠢ ᠨᠢ ᠦᠭᠬᠦ︾ ᠶᠢ ᠬᠡᠷᠡᠭᠵᠢᠭᠦᠯᠵᠦ᠂ ᠰᠠᠭᠤᠬᠤ ᠤᠷᠴᠢᠨ ᠨᠦᠬᠦᠴᠡᠯ ᠢᠶᠠᠨ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠭᠤᠤᠯ ᠪᠠ ᠳᠡᠳ᠋ ᠱᠤᠭᠤᠮ ᠤᠨ ᠵᠠᠮ᠂ ᠵᠠᠩᠬᠢᠯᠠᠭ᠎ᠠ ᠶᠢᠨ ᠴᠡᠭ ᠲᠠᠬᠢ ᠦᠵᠡᠮᠵᠢ ᠶᠢᠨ ᠬᠡᠰᠡᠭ ᠲᠤ ᠨᠥᠬᠦᠵᠦ ᠳᠠᠷᠢᠵᠤ ᠨᠣᠭᠤᠭᠠᠷᠠᠭᠤᠯᠬᠤ ᠢᠨᠵᠧᠨᠧᠷᠢᠩ ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ︽ᠬᠠᠤᠯᠢ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠨ ᠨᠡᠬᠦᠯᠭᠡᠵᠦ ᠳᠠᠬᠢᠨ ᠨᠣᠭᠤᠭᠠᠷᠠᠭᠤᠯᠬᠤ᠂ ᠵᠠᠪᠰᠠᠷ ᠵᠠᠢ ᠦᠵᠡᠪᠡᠯ   ᠨᠣᠭᠤᠭᠠᠷᠠᠭᠤᠯᠬᠤ︾ ᠶᠢ ᠪᠠᠶᠢᠩᠭᠤ ᠥᠷᠨᠢᠭᠦᠯᠦᠨ᠎ᠡ᠃ ᠨᠢᠭᠡ ᠪᠦᠯᠦᠭ ᠠᠷᠠᠳ ᠲᠤ ᠳᠥᠭᠦᠮ ᠦᠵᠡᠭᠦᠯᠬᠦ ᠴᠡᠴᠡᠷᠯᠢᠭ᠂ ᠵᠢᠵᠢᠭ ᠪᠢᠴᠢᠯ ᠦᠵᠡᠮᠵᠢ ᠶᠢ ᠦᠷᠭᠦᠯᠵᠢᠯᠡᠨ ᠪᠦᠲᠦᠭᠡᠨ ᠪᠠᠶᠢᠭᠤᠯᠵᠤ᠂  ᠵᠦᠯᠭᠡᠨ ᠭᠠᠵᠠᠷ   ᠢ 1 ᠲᠦᠮᠡᠨ ᠲᠡᠭᠰᠢ ᠳᠥᠷᠪᠡᠯᠵᠢᠨ ᠮᠧᠲᠷ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠡᠷᠲᠡᠢ ᠬᠤᠲᠠ ᠶᠢᠨ ᠲᠣᠭᠤᠷᠢᠭ ᠢ ᠪᠠᠶᠢᠭᠤᠯᠤᠨ᠎ᠠ᠃     ᠬᠤᠶᠠᠷ ᠲᠤ᠂ ᠨᠠᠷᠢᠯᠢᠭ ᠪᠥᠭᠡᠳ ᠣᠶᠤᠨᠴᠢ ᠪᠠᠷ ᠬᠤᠲᠠ ᠶᠢ ᠬᠠᠮᠢᠶᠠᠷᠤᠨ᠎ᠠ᠃ ᠬᠤᠲᠠ ᠶᠢᠨ ᠲᠦᠷᠰᠦ  ᠪᠠᠶᠢᠳᠠᠯ ᠢ ᠴᠢᠩᠭ᠎ᠠ ᠵᠢᠷᠤᠮᠵᠢᠭᠤᠯᠤᠨ᠎ᠠ᠃ ︽ᠵᠡᠭᠡᠯᠢ ᠶᠢᠨ ᠳᠠᠷᠤᠭ᠎ᠠ ᠶᠢᠨ ᠲᠦᠷᠢᠮ︾᠂ ︽ᠵᠠᠮ ᠤᠨ ᠳᠠᠷᠤᠭ᠎ᠠ ᠶᠢᠨ ᠲᠦᠷᠢᠮ︾᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠵᠡᠷᠭᠡ ᠲᠣᠭᠲᠠᠴᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠬᠤᠲᠠ ᠶᠢᠨ ︽ᠵᠢᠷᠭᠤᠭᠠᠨ ᠡᠷᠦᠢ ᠬᠤᠷᠦᠢ ᠦᠬᠡᠢ︾᠂ ᠵᠠᠮ ᠡᠵᠡᠯᠡᠨ ᠡᠵᠡᠩᠨᠡᠬᠦ᠂ ᠠᠮᠢᠳᠤᠷᠠᠯ ᠤᠨ  ᠲᠠᠭᠤ ᠱᠤᠤᠬᠢᠶᠠᠨ ᠢ ᠪᠠᠶᠢᠩᠭᠤᠵᠢᠭᠤᠯᠤᠨ ᠵᠠᠰᠠᠵᠤ᠂ 17 ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠵᠢᠷᠤᠮᠵᠢᠭᠤᠯᠤᠨ ᠳᠡᠭᠡᠭᠰᠢᠯᠡᠭᠦᠯᠵᠦ᠂ ᠴᠡᠪᠡᠷ ᠲᠡᠭᠰᠢ ᠬᠤᠲᠠ ᠶᠢᠨ ᠣᠷᠣᠨ ᠵᠠᠶ ᠶᠢ ᠪᠣᠶ ᠪᠣᠯᠭᠠᠨ᠎ᠠ᠃ ᠲᠥᠷᠦᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠦᠯ ᠬᠤᠪᠢᠶᠠᠨ ᠳᠡᠰ ᠳᠡᠪᠰᠢᠭᠦᠯᠬᠦ ᠶᠢ ᠠᠬᠢᠭᠤᠯᠵᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ᠃ ᠤᠶᠤᠨᠲᠤ ᠬᠥᠨᠳᠡᠯᠡᠨ ᠳ᠋ᠠᠶᠢᠲ᠋ᠠ ᠶᠢᠨ ᠲᠠᠪᠴᠠᠩ ᠪᠣᠯᠤᠨ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ ᠵᠢᠯᠣᠭᠤᠳᠤᠨ ᠲᠣᠬᠢᠷᠠᠭᠤᠯᠬᠤ ᠲᠠᠪᠴᠠᠩ ᠢ ᠨᠡᠶᠢᠳᠬᠡᠨ ᠬᠥᠭᠵᠢᠭᠦᠯᠬᠦ ᠶᠢ ᠲᠦᠷᠭᠡᠳᠬᠡᠵᠦ᠂ ᠬᠤᠲᠠ ᠶᠢᠨ ᠠᠵᠢᠯᠯᠠᠭᠠᠨ ᠤ ᠨᠠᠩ ᠥᠨᠳᠥᠷ ᠲᠦᠪᠰᠢᠨ ᠪᠦᠬᠦᠢ ︽ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ︾ ᠶᠢ ᠪᠡᠶᠡᠯᠡᠭᠦᠯᠬᠦ ᠶᠢ ᠠᠬᠢᠭᠤᠯᠵᠤ᠂ ᠪᠦᠬᠦ ᠬᠤᠲᠠ ᠶᠢᠨ ᠬᠡᠪᠴᠢᠶᠡᠨ ᠤ ᠵᠠᠰᠠᠯᠲᠠ ᠶᠢ ᠨᠠᠩ ᠳᠥᠭᠦᠮ ᠲᠦᠷᠬᠡᠨ ᠥᠨᠳᠥᠷ ᠪᠦᠲᠦᠮᠵᠢᠲᠡᠶ᠂ ᠨᠢᠳᠦᠨ ᠳᠤ ᠦᠵᠡᠭᠳᠡᠬᠦ ᠪᠦᠭᠡᠳ ᠬᠠᠮᠢᠶᠠᠷᠴᠦ ᠡᠵᠡᠮᠳᠡᠵᠤ ᠪᠤᠯᠬᠤ ᠶᠢ ᠪᠡᠶᠡᠯᠡᠬᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠬᠤᠪᠢᠰᠬᠠᠯᠲᠦ ᠠᠳᠠᠯ ᠠᠬᠤᠶ ᠶᠢᠨ ᠬᠠᠮᠢᠶᠠᠷᠤᠯᠳᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠠᠳᠠᠯ ᠠᠬᠤᠶ ᠶᠢᠨ ᠦᠶᠯᠡᠴᠢᠯᠡᠭᠡᠨ ᠤ 99 ᠲᠥᠷᠥᠯ ᠵᠦᠶᠯ ᠢ ᠡᠭᠦᠳᠴᠦ᠂ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠳᠠ ᠶᠢ ᠲᠡᠭᠰᠢᠳᠭᠡᠭᠰᠡᠨ ᠪᠦᠷᠬᠦᠬᠦᠯᠬᠦ ᠨᠣᠷᠮ᠎ᠠ ᠶᠢ 80% ᠪᠣᠯᠲᠠᠯ᠎ᠠ ᠳᠡᠭᠡᠭᠰᠢᠯᠡᠭᠦᠯᠦᠨ᠎ᠡ᠃     ᠭᠤᠷᠪᠠ ᠳᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠦᠨ᠎ᠡ᠃ ᠵᠠᠮ ᠪᠠ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠂ 350 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ᠂ ᠠᠮᠢᠳᠤᠷᠠᠯ ᠤᠨ ᠪᠣᠬᠢᠷ ᠤᠰᠤ ᠶᠢ ᠵᠠᠰᠠᠭᠰᠠᠨ ᠨᠣᠷᠮ᠎ᠠ   ᠶᠢ  ᠲᠤᠰ ᠲᠤᠰ 94% ᠪᠠ 70% ᠳᠤ ᠬᠦᠷᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠬᠡᠪ ᠵᠢᠱᠢᠶ᠎ᠡ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠢᠦᠢ ᠴᠢᠤᠸᠠᠨ ᠲᠣᠰᠬᠤᠨ · ᠪᠥᠸᠧ ᠶᠤᠸᠠᠢ ᠹᠦ᠋᠂ ᠾᠧ ᠫᠢᠩ ᠲᠣᠰᠬᠤᠨ ᠤ ᠶᠡᠷᠦᠩᠬᠡᠶᠢᠯᠡᠭᠰᠡᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠳᠣᠨ᠂ ᠡᠮᠦᠨ᠎ᠡ ᠪᠤᠷᠬᠠᠨᠲᠤ ᠲᠣᠰᠬᠤᠨ ᠤ ᠲᠠᠷᠢᠶᠠᠴᠢᠳ ᠤᠨ ᠪᠡᠶ᠎ᠡ ᠴᠢᠭᠢᠷᠠᠭᠵᠢᠭᠤᠯᠬᠤ  ᠲᠠᠯᠠᠪᠤᠷ ᠣᠷᠳᠣᠨ ᠢ ᠪᠦᠲᠦᠭᠡᠨ ᠪᠠᠶᠢᠭᠤᠯᠵᠤ᠂ ︽ᠲᠣᠰᠬᠤᠨ ᠤ ᠬᠦᠯ ᠪᠦᠮᠪᠦᠭᠡ ᠶᠢᠨ ᠲᠠᠰ ᠠᠴᠠ ᠲᠠᠪᠠᠭᠰᠠᠨ ᠬᠤᠯᠪᠤᠭᠠᠳᠤ ᠤᠷᠤᠯᠳᠤᠭᠠᠨ︾᠂ ︽ᠲᠣᠰᠬᠤᠨ ᠤ BA︾ ᠵᠡᠷᠭᠡ ᠦᠵᠡᠭᠳᠡᠯ ᠲᠡᠰ ᠤᠨ ᠤᠷᠤᠯᠳᠤᠭᠠᠨ ᠢᠶᠠᠷ ᠲᠣᠯᠢ ᠪᠣᠯᠭᠠᠵᠤ ᠣᠨᠴᠠᠯᠢᠭᠲᠤ ᠰᠣᠶᠣᠯ ᠤᠨ ᠲᠥᠷᠥᠯ ᠲᠡᠮᠳᠡᠭ ᠢ ᠡᠭᠦᠳᠴᠦ᠂ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠲᠠ ᠶᠢᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 3 ᠪᠠᠶᠢᠭᠤᠯᠵᠤ᠂ ᠵᠢᠯ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ 300 ᠲᠦᠮᠡᠨ ᠲᠥᠭᠦᠷᠢᠭ ᠢ ᠳᠠᠪᠠᠭᠰᠠᠨ ᠲᠣᠰᠬᠤᠨ ᠤ ᠬᠠᠮᠲᠤ ᠨᠡᠶᠢᠲᠡ ᠶᠢ 20% ᠠᠴᠠ ᠳᠡᠭᠡᠭᠰᠢ ᠳᠤ  ᠬᠦᠷᠭᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠢ 6500 ᠲᠦᠮᠡᠨ ᠲᠥᠭᠦᠷᠢᠭ ᠠᠴᠠ ᠳᠡᠭᠡᠭᠰᠢ ᠬᠦᠷᠬᠡᠨ᠎ᠡ᠃ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠭᠤᠴᠢᠨ ᠤ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠵᠤ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠨᠢᠭᠡ ᠬᠡᠷ᠎ᠡ ᠳᠥᠷᠪᠡᠨ ᠬᠤᠷᠠᠯ︾  ᠢ ᠪᠦᠬᠦᠬᠦᠯᠬᠦ ᠨᠣᠷᠮ᠎ᠠ ᠶᠢ 100% ᠳᠤ ᠬᠦᠷᠭᠡᠵᠦ᠂ ᠪᠣᠯᠪᠠᠰᠤᠨ ᠬᠦᠳᠡᠭᠡ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠤᠯᠠᠮᠵᠢᠯᠠᠨ   ᠪᠠᠳᠠᠷᠠᠭᠤᠯᠤᠨ᠎ᠠ᠃    ︵ᠲᠠᠪᠤ︶ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠦᠶᠯᠡᠳᠦᠯᠭᠡᠵᠢᠭᠦᠯᠵᠦ᠂ ᠬᠤᠤᠰ ᠨᠡᠭᠦᠷᠡᠰᠦᠲᠥ᠋ᠷᠥᠭᠴᠢ ᠶᠢᠨ ᠠᠬᠢᠴᠠ ᠶᠢ ᠲᠦᠷᠭᠡᠳᠬᠡᠨ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ ᠶᠢ ᠬᠡᠷᠡᠯ ᠰᠠᠴᠤᠷᠠᠭᠤᠯᠤᠨ᠎ᠠ᠃ ︽ᠬᠥᠬᠡᠮᠳᠦᠭ ᠤᠰᠤ ᠨᠣᠭᠤᠭᠠᠨ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ︾ ᠭᠡᠬᠦ ᠬᠥᠭᠵᠢᠯᠲᠡ ᠶᠢᠨ ᠤᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠪᠠ ᠨᠡᠮᠡᠭᠳᠡᠯ ᠢ ᠨᠡᠩ ᠥᠨᠳᠥᠷ ᠲᠦᠪᠰᠢᠨ ᠢᠶᠠᠷ ᠬᠠᠮᠵᠢᠯᠴᠠᠨ ᠠᠬᠢᠭᠤᠯᠵᠤ᠂ ᠬᠦᠭᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠦᠩᠭᠡ ᠪᠣᠯᠭᠠᠨ᠎ᠠ᠃     ᠨᠢᠭᠡ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠥᠷᠥᠯ ᠢ ᠬᠡᠲᠦ ᠳᠤᠤᠷ᠎ᠠ ᠭᠠᠳᠠᠭᠰᠢᠯᠠᠭᠤᠯᠤᠯᠲᠠ ᠲᠠᠢ ᠪᠤᠯᠭᠠᠨ ᠥᠭᠡᠷᠡᠴᠢᠯᠡᠬᠦ ᠪᠠ ᠣᠨᠴᠠᠯᠢᠬᠲᠦ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠬᠢᠵᠠᠭᠠᠷᠯᠠᠬᠤ ᠥᠭᠡᠷᠡᠴᠢᠯᠡᠯᠲᠡ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠬᠤᠸᠠ ᠮᠧᠶ ᠬᠤᠪᠣᠷ ᠰᠢᠷᠣᠶ ᠶᠢᠨ ᠦᠶᠯᠡᠳᠪᠦᠷᠢ ᠶᠢᠨ ᠲᠠᠰᠤᠭ ᠤᠨ ᠬᠦᠬᠦᠷ ᠥᠬᠡᠶᠢᠳᠡᠭᠦᠯᠬᠦ ᠰᠢᠰᠲ᠋ᠧᠮ ᠤᠨ ᠥᠭᠡᠷᠡᠴᠢᠯᠡᠯᠲᠡ ᠵᠡᠷᠭᠡ 10 ᠵᠦᠶᠯ ᠤᠨ ᠠᠵᠤ ᠦᠶᠯᠡᠳᠪᠦᠷᠢ ᠶᠢᠨ ᠭᠦᠨᠵᠡᠭᠡᠶ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠵᠢᠷᠤᠮᠵᠢᠭᠤᠯᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠭᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ ᠦᠷᠭᠦᠯᠵᠢᠯᠡᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ︽ᠭᠤᠷᠪᠠᠨ ᠤᠰᠤ︾ ᠶᠢ ᠵᠣᠬᠢᠴᠠᠭᠤᠯᠤᠨ ᠵᠠᠰᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠶᠢᠨ ᠬᠦᠬᠦᠷ ᠬᠦᠴᠢᠯ ᠤᠨ ᠮᠠᠭᠨᠢ ᠶᠢᠨ ᠬᠠᠶᠠᠭᠳᠠᠮᠠᠯ ᠤᠰᠤ ᠶᠢ ᠰᠢᠶᠳᠪᠦᠷᠢᠯᠡᠬᠦ ᠵᠡᠷᠭᠡ 3 ᠲᠥᠷᠥᠯ ᠵᠦᠶᠯ ᠢ ᠬᠡᠷᠡᠭᠵᠢᠭᠦᠯᠵᠦ᠂ ᠬᠠᠳᠠᠮᠠᠯ ᠭᠤᠤᠯ᠂ ᠬᠤᠪ ᠤᠨ ᠭᠤᠤᠯ(虎贲亥) ᠵᠡᠷᠭᠡ ᠭᠤᠤᠯ ᠤᠨ ᠬᠡᠪᠡᠯᠢ ᠶᠢᠨ ᠦᠶᠡᠷ ᠢ ᠰᠡᠷᠭᠡᠶᠢᠯᠡᠬᠦ ᠪᠠ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠦᠶᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠪᠣᠯᠤᠨ ᠬᠠᠭᠠᠵᠤ ᠪᠢᠲᠡᠭᠦᠮᠵᠢᠯᠡᠨ ᠨᠡᠭᠦᠯᠭᠡᠭᠰᠡᠨ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠲᠠᠶ ᠬᠠᠶᠠᠭᠳᠠᠮᠠᠯ ᠡᠳ᠋ ᠢ ᠵᠢᠷᠤᠮᠵᠢᠭᠤᠯᠤᠨ ᠬᠠᠮᠢᠶᠠᠷᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠵᠤᠵᠠᠭᠠᠨ ᠰᠦᠯᠢᠶᠣᠣ ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠶᠢ 85% ᠳᠤ ᠬᠦᠷᠭᠡᠨ᠎ᠡ᠃     ᠬᠤᠶᠠᠷ ᠲᠤ᠂ ᠠᠮᠢ ᠠᠬᠤᠢ ᠶᠢᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠠᠭᠤᠯᠨ ᠶᠢᠨ ᠳᠠᠷᠤᠭ᠎ᠠ ᠶᠢᠨ ᠲᠦᠷᠢᠮ︾᠂ ︽ᠭᠤᠣᠯ ᠤᠨ ᠳᠠᠷᠤᠭ᠎ᠠ ᠶᠢᠨ ᠲᠦᠷᠢᠮ︾᠂ ︽ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠨ᠎ᠡ᠃ ᠣᠶ ᠰᠢᠭᠤᠶ᠂ ᠨᠤᠲᠤᠭ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠴᠦᠬᠡᠨ ᠴᠦ ᠠᠭᠤᠴᠢᠯᠠᠬᠤ ᠥᠬᠡᠶ ᠣᠪᠣᠷ ᠢᠶᠠᠷ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠤᠮᠠᠷᠠᠲᠤ ᠶᠢᠨ ᠭᠤᠷᠪᠠᠨ ᠤᠷᠤᠨ ᠤ ᠵᠢᠷᠭᠤᠳᠤᠭᠠᠷ ᠬᠤᠭᠤᠴᠠᠭ᠎ᠠ︾ ᠶᠢᠨ ᠢᠨᠵᠧᠨᠧᠷᠢᠩ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠤᠮᠠᠷᠠᠲᠤ ᠬᠡᠰᠡᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ 10 ᠲᠦᠮᠡᠨ ᠮᠥ ᠣᠶᠢᠲᠤ ᠭᠠᠵᠠᠷ᠂ 17 ᠲᠦᠮᠡᠨ ᠮᠥ ᠨᠤᠲᠤᠭ ᠪᠡᠯᠴᠢᠭᠡᠷ᠂ 22 ᠲᠦᠮᠡᠨ ᠮᠥ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠶᠢᠨ ᠡᠬᠢ ᠪᠠᠶᠠᠯᠢᠭ ᠢ ᠦᠨᠡᠨᠬᠦ ᠰᠠᠶᠢᠲᠤᠷ ᠰᠠᠬᠢᠨ ᠬᠠᠮᠠᠭᠠᠯᠠᠵᠤ᠂ ᠪᠥᠬᠦ  ᠲᠤᠭᠤᠷᠢᠭ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ 4 ᠲᠦᠮᠡᠨ ᠲᠣᠨ / ᠵᠢᠯ ᠠᠴᠠ ᠳᠡᠭᠡᠭᠰᠢ ᠬᠦᠷᠬᠡᠨ᠎ᠡ᠃     ᠭᠤᠷᠪᠠ ᠳᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃ ︽ᠬᠤᠤᠰ ᠨᠡᠭᠦᠷᠡᠰᠦᠲᠥ᠋ᠷᠥᠭᠴᠢ︾  ᠶᠢᠨ ᠵᠠᠰᠠᠯᠳᠠ ᠪᠠ ᠬᠡᠷᠡᠭᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠬᠤ︾ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠰᠠᠨᠠᠭᠠᠴᠢᠯᠠᠭ᠎ᠠ ᠠᠴᠠ ᠪᠠᠨ ᠳᠠᠭᠠᠵᠤ᠂ ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠥᠷᠬᠦ ᠲᠤᠷᠰᠢᠯᠲᠠ ᠶᠢᠨ ᠬᠤᠲᠠ ᠳᠤ ᠰᠣᠩᠭᠤᠭᠳᠠᠨ ᠣᠷᠣᠬᠰᠠᠨ ᠠᠵᠠ ᠲᠣᠬᠢᠶᠠᠯ ᠢ ᠵᠠᠪᠳᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢ ᠬᠢᠨᠠᠨ ᠬᠡᠮᠵᠢᠬᠦ ᠰᠢᠰᠲ᠋ᠧᠮ ᠬᠢᠭᠡᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ  ᠶᠢ ᠵᠠᠳᠠᠯᠬᠤ᠂ ᠵᠠᠰᠠᠬᠤ ᠰᠢᠰᠲ᠋ᠧᠮ ᠢ ᠪᠠᠶᠢᠭᠤᠯᠤᠨ᠎ᠠ᠃ ᠡᠷᠬᠢᠯᠳᠡᠲᠦ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠪᠧᠨ᠋ᠽᠧᠨ ᠳᠤ ᠤᠰᠤᠲᠥ᠋ᠷᠥᠭᠴᠢ ᠨᠡᠮᠡᠬᠦ ᠵᠡᠷᠭᠡ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ  ᠲᠤᠨᠤᠬᠯᠠᠯ ᠢ ᠡᠭᠡᠭᠦᠯᠦᠨ ᠬᠤᠷᠢᠶᠠᠬᠤ ᠵᠡᠷᠭᠡ ᠡᠷᠬᠢᠯᠳᠡᠳᠦ ᠠᠵᠤ ᠦᠶᠯᠡᠰ ᠤᠨ ᠲᠥᠷᠥᠯ ᠵᠦᠶᠯ ᠢ ᠬᠡᠷᠡᠭᠵᠢᠭᠦᠯᠵᠦ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠯᠭᠠᠭᠤᠷᠢ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠶᠠᠭᠳᠠᠮᠠᠯ ᠬᠡᠶ᠂ ᠬᠠᠶᠠᠭᠳᠠᠮᠠᠯ ᠮᠠᠲ᠋ᠧᠷᠢᠶᠠᠯ᠂ ᠬᠠᠶᠠᠭᠳᠠᠮᠠᠯ ᠰᠢᠭᠠᠷᠤ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ ᠶᠢ ᠠᠬᠢᠭᠤᠯᠤᠨ᠎ᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 5 ᠲᠥᠷᠥᠯ ᠵᠦᠶᠯ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠦᠶᠯᠡᠳᠬᠦ ᠦᠶᠯᠡᠰ ᠤᠨ ᠰᠢᠩᠭᠡᠭᠡᠬᠦ ᠴᠢᠳᠠᠪᠤᠷᠢ ᠶᠢ ᠭᠦᠶᠴᠡᠳ ᠪᠠᠳᠠᠷᠠᠭᠤᠯᠤᠨ᠂ ᠠᠭᠤᠯᠠᠨ ᠠᠷᠤ ᠶᠢᠨ ᠪᠣᠬᠢᠷᠲᠤᠯ ᠥᠬᠡᠶ ᠴᠠᠬᠢᠯᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠰᠢᠩᠬᠡᠬᠡᠨ ᠠᠪᠴᠤ ᠬᠡᠷᠡᠭᠯᠡᠨ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠰᠢᠨ᠎ᠡ ᠡᠨᠧᠷᠭᠢ ᠶᠢᠨ ᠡᠷᠬᠢᠯᠳᠡᠲᠦ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠣᠯᠠᠨ ᠨᠡᠶᠢᠲᠡ ᠶᠢᠨ ᠣᠷᠣᠨ ᠪᠦᠰᠡ ᠳᠤ 800 ᠴᠠᠬᠢᠯᠭᠠᠨ ᠴᠡᠨᠡᠭᠯᠡᠬᠦ ᠱᠣᠩ ᠢ ᠪᠠᠶᠢᠷᠢᠯᠠᠭᠤᠯᠵᠤ᠂ ᠬᠦᠷᠢᠶᠡᠯᠡᠩ ᠲᠣᠭᠤᠷᠢᠭ ᠤᠨ ᠬᠦᠨᠳᠦ ᠠᠴᠢᠶᠠᠨ ᠤ ᠮᠠᠰᠢᠨ ᠲᠡᠷᠭᠡ ᠶᠢ ᠠᠭᠠᠵᠢᠮ ᠢᠶᠠᠷ ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠣᠷᠣᠯᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠤᠨ᠎ᠠ᠃ 254 ᠰᠠᠭᠤᠷᠢ᠂ 67.8 ᠲᠦᠮᠡᠨ ᠲᠡᠭᠰᠢ ᠳᠥᠷᠪᠡᠯᠵᠢᠨ ᠮᠧᠲᠷ ᠤᠨ ᠨᠢᠬᠡᠨᠳᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠭᠡᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠥᠬᠡᠶ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠭᠦᠢᠴᠡᠳ ᠬᠦᠷᠲᠡᠭᠡᠨ᠎ᠡ᠃      ᠨᠢᠭᠡ ᠳᠤ᠂ ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ︽ᠵᠢᠷᠭᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ᠪᠦᠬᠦ ᠵᠢᠯ ᠳᠤ ᠰᠠᠭᠤᠷᠢ ᠰᠤᠷᠭᠠᠨ ᠬᠥᠮᠦᠵᠢᠯ ᠤᠨ  ᠰᠤᠷᠤᠬᠴᠢ ᠶᠢᠨ ᠤᠷᠤ ᠶᠢ 1 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠲᠦᠭᠡᠮᠡᠯ ᠬᠠᠷᠠᠭᠠᠯᠵᠠᠯ ᠬᠦᠷᠲᠡᠭᠡᠬᠦ ᠶᠢ ᠠᠬᠢᠭᠤᠯᠵᠤ᠂ ᠠᠯᠪᠠᠨ ᠠᠴᠠ ᠡᠷᠬᠢᠯᠡᠭᠰᠡᠨ 2 ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 97% ᠳᠤ ᠬᠦᠷᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠵᠤ᠂ ᠤᠪᠤᠭ᠎ᠠ ᠰᠤᠷᠭᠠᠭᠤᠯᠢ ᠵᠡᠷᠭᠡ 2 ᠳᠤᠮᠳᠠᠳᠤ ᠪᠠᠭ᠎ᠠ ᠰᠤᠷᠭᠠᠭᠤᠯᠢ ᠶᠢ ᠥᠭᠡᠷᠡᠴᠢᠯᠡᠨ ᠥᠷᠭᠡᠳᠬᠡᠵᠦ᠂ ᠰᠢᠯᠢᠳᠡᠭ ᠰᠤᠷᠭᠠᠨ ᠬᠥᠮᠦᠵᠢᠯ ᠤᠨ 2 ᠪᠦᠯᠦᠭᠯᠡᠯ ᠢ ᠲᠠᠬᠢᠨ ᠵᠤᠬᠢᠶᠠᠨ ᠪᠠᠶᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠮᠦᠨ ᠬᠥᠮᠦᠵᠢᠭᠦᠯᠬᠦ ᠤᠨᠴᠠᠯᠢᠬᠲᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃ ︽ᠴᠢᠩᠬᠤᠸᠠ ᠶᠡᠭᠡ ᠰᠤᠷᠭᠠᠭᠤᠯᠢ +︾ ᠬᠠᠮ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠵᠤ᠂ ᠪᠤᠭᠤᠲᠤ ᠬᠤᠲᠠ ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ ︵ᠪᠤᠭᠤᠲᠤ ᠶᠢᠨ ᠪᠣᠯᠣᠳ ᠲᠡᠮᠦᠷ ᠤᠨ ᠨᠢᠭᠡᠳᠦᠭᠡᠷ ᠳᠤᠮᠳᠠᠳᠤ ᠰᠤᠷᠭᠠᠭᠤᠯᠢ︶ ᠶᠢᠨ ᠰᠢᠨ᠎ᠡ ᠶᠢ ᠡᠬᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ᠂ ᠪᠤᠭᠤᠲᠤ ᠬᠤᠲᠠ ᠶᠢᠨ ᠶᠡᠷᠡᠨ ᠵᠢᠷᠭᠤᠳᠤᠭᠠᠷ ᠳᠤᠮᠳᠠᠳᠤ ᠰᠤᠷᠭᠠᠭᠤᠯᠢ ︵ᠪᠤᠭᠤᠲᠤ ᠶᠢᠨ ᠪᠣᠯᠣᠳ ᠲᠡᠮᠦᠷ ᠤᠨ ᠳᠥᠷᠪᠡᠳᠦᠭᠡᠷ ᠳᠤᠮᠳᠠᠳᠤ ᠰᠤᠷᠭᠠᠭᠤᠯᠢ︶ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠣᠨᠴᠠᠯᠢᠭᠲᠤ ᠰᠤᠷᠭᠠᠭᠤᠯᠢ ᠶᠢᠨ ᠲᠥᠷᠥᠯ ᠲᠡᠮᠳᠡᠭ ᠢ ᠡᠭᠦᠳᠦᠨ᠎ᠡ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠲᠠᠪᠴᠠᠩ ᠤᠨ ᠲᠤᠷᠰᠢᠯᠲᠠ ᠶᠢᠨ ᠴᠡᠭ ᠤᠨ ᠲᠣᠭᠤᠷᠢᠭ︾᠂ ︽ᠤᠯᠤᠰ ᠤᠨ ᠰᠤᠷᠭᠠᠨ ᠬᠥᠮᠦᠵᠢᠯ ᠤᠨ ᠲᠣᠮᠣ ᠳ᠋ᠠᠶᠢᠲ᠋ᠠ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠴᠢᠷᠮᠠᠶᠢᠨ ᠡᠭᠦᠳᠦᠨ᠎ᠡ᠃ ︽ᠭᠤᠷᠪᠠᠨ ᠨᠡᠷᠡᠲᠦ︾ ᠶᠢᠨ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠨ ᠲᠤᠮᠢᠯᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠲᠤᠭᠤᠷᠢᠭ ᠤᠨ ᠲᠠᠰ ᠠᠴᠠ ᠳᠡᠭᠡᠭᠰᠢᠬᠢ ᠨᠠᠷᠠᠲᠤ ᠰᠢᠯᠢᠳᠡᠭ ᠭᠤᠤᠯᠯᠠᠭᠴᠢ ᠪᠠᠭᠰᠢ ᠶᠢᠨ ᠲᠤᠰᠬᠠᠶ ᠲᠤᠰᠢᠶᠠᠯᠲᠦ ᠪᠠᠭᠰᠢ ᠶᠢᠨ ᠶᠡᠷᠦᠩᠬᠡᠶ ᠲᠤᠭ᠎ᠠ ᠳᠠᠬᠢ ᠡᠵᠡᠯᠡᠬᠦ  ᠬᠠᠷᠢᠴᠠᠯ ᠢ 50% ᠠᠴᠠ ᠳᠡᠭᠡᠭᠰᠢ ᠳᠤ ᠬᠦᠷᠭᠡᠨ᠎ᠡ᠃      ᠬᠤᠶᠠᠷ ᠲᠤ᠂ ᠡᠮ ᠡᠮᠨᠡᠯᠬᠡ ᠶᠢᠨ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ︽ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ ᠭᠤᠷᠪᠠᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠲᠤᠭᠤᠷᠢᠭ ᠤᠨ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠴᠢᠭᠯᠡᠯ ᠳᠤ ᠣᠨᠣᠪᠴᠢᠲᠠᠶ ᠪᠠᠶᠢᠷᠢ ᠲᠣᠭᠲᠠᠭᠠᠯᠲᠠ ᠬᠢᠵᠦ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠢᠭᠡᠳ ᠬᠤᠲᠠ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠬᠠᠮᠲᠤᠷᠠᠨ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠲᠦᠷᠭᠡᠳᠬᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠪᠤᠷᠬᠠᠨᠲᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠤᠭᠤᠲᠤ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠬᠥᠨᠳᠡᠯᠡᠨ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠲᠠᠰ ᠳᠡᠪᠰᠢᠭᠦᠯᠵᠦ᠂ 15 ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯ ᠮᠡᠨᠳᠦ ᠶᠢ ᠠᠬᠢᠭᠤᠯᠬᠤ ᠡᠮᠨᠡᠯᠭᠡ ᠶᠢᠨ ᠬᠤᠷᠢᠶ᠎ᠠ ᠶᠢ ᠴᠢᠷᠮᠠᠶᠢᠨ ᠪᠠᠶᠢᠭᠤᠯᠬᠤ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ 3 ᠡᠮᠨᠡᠯᠭᠡ ᠶᠢᠨ ᠬᠤᠷᠢᠶ᠎ᠠ ᠶᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ᠂ ᠦᠨᠳᠦᠰᠦᠨ ᠱᠠᠲᠤᠨ ᠤ 23 ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠦᠨᠳᠦᠰᠦᠨ ᠪᠠᠷᠢᠮᠵᠢᠶ᠎ᠠ ᠳᠤ ᠬᠦᠷᠬᠡᠵᠦ᠂ ᠣᠯᠠᠨ ᠲᠦᠮᠡᠨ ᠢ ᠬᠡᠷ ᠤᠨ ᠢᠶᠠᠨ ᠡᠭᠦᠳᠡᠨ ᠳᠤ ᠡᠪᠡᠳᠴᠢᠨ ᠵᠠᠰᠠᠵᠤ ᠡᠪᠡᠳᠴᠢᠨ ᠢ ᠰᠡᠷᠭᠡᠶᠢᠯᠡᠬᠦ ᠳᠤ ᠨᠠᠩ ᠢᠯᠡᠭᠦᠦ ︽ᠡᠮᠨᠡᠯᠬᠡ ᠶᠢᠨ ᠲᠦᠰᠢᠯᠭᠡ︾ ᠲᠠᠢ ᠪᠣᠯᠭᠠᠨ᠎ᠠ᠃ ︽ᠨᠠᠰᠤᠳᠠᠶᠢᠴᠤᠳ ᠪᠠ    ᠨᠢᠯᠬᠠᠰ︾ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠥᠬᠦ ᠤᠯᠤᠰ ᠤᠨ ᠬᠡᠯᠬᠢᠶ᠎ᠡ ᠬᠡᠯᠪᠡᠷᠢ ᠶᠢᠨ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠨᠠᠰᠤᠲᠠᠶᠢᠴᠤᠳ ᠢ ᠠᠰᠠᠷᠠᠬᠤ ᠦᠶᠯᠡᠴᠢᠯᠡᠭᠡᠨ ᠤ 3 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠬᠡᠯᠪᠡᠷᠢ ᠶᠢᠨ 400 ᠣᠷᠣ ᠶᠢ ᠨᠡᠮᠡᠭᠳᠡᠭᠦᠯᠦᠨ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠨᠠᠶᠢᠳᠠᠨ ᠠᠰᠠᠷᠠᠭᠤᠯᠬᠤ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠨᠳᠡᠯᠡᠨ ᠲᠣᠭᠤᠷᠢᠭ ᠤᠨ ᠨᠠᠶᠢᠳᠠᠨ ᠠᠰᠠᠷᠠᠭᠤᠯᠬᠤ ᠵᠢᠭᠠᠨ ᠵᠢᠯᠣᠭᠤᠳᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠢᠭᠡᠳᠦᠯᠲᠡᠢ ᠪᠠᠷᠢᠮᠵᠢᠶᠠᠲᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠡᠦᠬᠡᠳ ᠰᠠᠭᠠᠲᠠᠭᠤᠯᠬᠤ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠬᠰᠠᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 85% ᠳᠤ ᠬᠦᠷᠭᠡᠨ᠎ᠡ᠃     ᠭᠤᠷᠪᠠ ᠳᠤ᠂ ᠰᠣᠶᠣᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ︽ᠭᠠᠶᠢᠬᠠᠮᠰᠢᠬᠲᠦ  ᠬᠥᠨᠳᠡᠯᠡᠨ︾ ᠰᠤᠶᠤᠯ ᠤᠨ ᠲᠦᠷᠦᠯ ᠲᠡᠮᠳᠡᠭ ᠢ ᠰᠢᠯᠢᠳᠡᠭᠵᠢᠬᠦᠯᠦᠨ ᠡᠬᠦᠳᠦᠨ᠎ᠠ᠃ ︽ᠮᠠᠨ ᠤ ᠪᠠᠶᠠᠷ ᠤᠨ ᠡᠳᠦᠷ︾᠂ ︽ᠰᠣᠶᠣᠯ ᠢ ᠬᠤᠳᠠᠯᠳᠤᠭᠠᠨ ᠤ ᠲᠣᠭᠤᠷᠢᠭ ᠲᠤ ᠤᠷᠤᠭᠤᠯᠬᠤ︾ ᠵᠡᠷᠭᠡ 400 ᠭᠠᠷᠤᠢ ᠲᠠᠯᠠᠪᠠᠢ ᠰᠣᠶᠣᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ 15 ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠳᠡᠰ ᠳᠡᠪᠰᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠤᠨᠤᠭ ᠲᠥᠬᠦᠭᠡᠷᠦᠮᠵᠢ ᠶᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢᠨ ᠦᠢᠯᠡᠴᠢᠯᠡᠭᠡ ᠶᠢ ᠵᠢᠯ ᠳᠤ ᠳᠤᠮᠳᠠᠴᠢ ᠪᠠᠷ 320 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠭᠡᠨ᠎ᠡ᠃ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂  ᠶᠤᠸᠠᠢ ᠯᠢ ᠹᠠᠩ ᠬᠤᠲᠠ ᠶᠢᠨ ᠰᠣᠶᠣᠯ ᠤᠨ ᠲᠥᠪ᠂ ᠣᠯᠠᠨ ᠨᠡᠶᠢᠲᠡ ᠶᠢᠨ ᠨᠣᠮ ᠤᠨ ᠰᠠᠩ ᠤᠨ ᠰᠣᠶᠣᠯ ᠤᠨ ᠡᠬᠢ ᠪᠠᠶᠠᠯᠢᠭ ᠤᠨ ᠦᠶᠯᠡᠳᠦᠯ ᠢ ᠪᠠᠳᠠᠷᠠᠭᠤᠯᠵᠤ᠂ ︽7 ᠡᠳᠦᠷ 7 ᠴᠠᠭ᠂ ᠡᠨᠡ ᠬᠤᠲᠠ ᠨᠣᠮ ᠤᠩᠰᠢᠵᠤ ᠪᠠᠶᠢᠨ᠎ᠠ︾ ᠤᠩᠰᠢᠯᠭ᠎ᠠ ᠶᠢᠨ ᠲᠦᠷᠦᠯ ᠲᠡᠮᠳᠡᠭ ᠢ ᠡᠭᠦᠳᠴᠦ  ᠂ ︽ᠭᠠᠷ ᠤᠲᠠᠰᠤ ᠪᠠᠨ ᠬᠠᠶᠠᠵᠤ᠂ ᠨᠣᠮ ᠤᠩᠰᠢᠬᠤ︾ ᠶᠢ ᠰᠢᠨ᠎ᠡ ᠬᠡᠪ ᠰᠤᠷᠲᠠᠯ ᠪᠣᠯᠭᠠᠨ᠎ᠠ᠃ ᠬᠥᠨᠳᠡᠯᠡᠨ ᠰᠦᠮ᠎ᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠠᠭᠤᠳᠠᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠦᠵᠡᠰᠬᠦᠯᠡᠩ ᠤᠨ ᠣᠷᠳᠣᠨ᠂ ᠪᠤᠭᠤᠲᠤ ᠶᠢᠨ ᠪᠤᠯᠤᠳ ᠲᠡᠮᠤᠷ ᠤᠨ ᠨᠢᠭᠡᠳᠦᠭᠡᠷ ᠥᠨᠳᠥᠷ ᠵᠤᠤᠬ᠎ᠠ ᠶᠢᠨ     ᠬᠤᠪᠢᠰᠬᠠᠯ ᠤᠨ ᠦᠵᠡᠭᠦᠯᠭᠡ ᠶᠢᠨ ᠲᠢᠩᠬᠢᠮ ᠵᠡᠷᠭᠡ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠷ᠎ᠡ ᠠᠯᠳᠠᠷᠰᠢᠭᠰᠠᠨ᠂ ᠬᠦᠯ ᠲᠣᠭᠲᠠᠵᠤ ᠳᠡᠶᠢᠯᠬᠦ᠂ ᠤᠯᠠᠮᠵᠢᠯᠠᠭᠳᠠᠨ ᠳᠡᠯᠭᠡᠷᠡᠵᠦ ᠳᠡᠶᠢᠯᠬᠦ ᠬᠥᠨᠳᠡᠯᠡᠨ ᠲᠣᠭᠤᠷᠢᠭ ᠤᠨ ᠤᠨᠴᠠᠯᠢᠬᠳᠤ ᠰᠣᠶᠣᠯ ᠤᠨ ᠲᠦᠷᠤᠯ ᠲᠡᠮᠳᠡᠭ ᠢ ᠡᠭᠦᠳᠦᠨ᠎ᠡ᠃ ᠬᠥᠨᠳᠡᠯᠡᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠬᠥᠨᠳᠡᠯᠡᠨ ᠲᠣᠭᠤᠷᠢᠭ ᠤᠨ ᠪᠠᠭᠠᠴᠤᠳ ᠤᠨ ᠣᠷᠳᠣᠨ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠡᠰ ᠤᠨ 5 ᠲᠠᠯᠠᠪᠤᠷ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠡᠷᠬᠢᠯᠡᠨ᠎ᠡ᠃ ᠭᠤᠷᠪᠠᠨ ᠶᠡᠭᠡ ᠲᠥᠷᠥᠯ ᠤᠨ 10 ᠭᠠᠷᠤᠶ ᠵᠦᠶᠯ ᠤᠨ 100 ᠭᠠᠷᠤᠶ ᠲᠠᠯᠠᠪᠠᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠮᠢᠩᠭᠠᠨ ᠬᠥᠮᠦᠨ ᠤ ᠠᠭᠤᠳᠠᠮ ᠲᠠᠯᠠᠪᠠᠶ ᠶᠢᠨ ᠪᠥᠵᠢᠭ᠂ ᠭᠤᠤᠯ ᠲᠣᠭᠤᠷᠢᠵᠤ ᠲᠤᠭᠤᠢ ᠤᠨᠤᠵᠤ ᠵᠢᠭᠤᠯᠴᠢᠯᠠᠬᠤ᠂ ᠶᠠᠪᠠᠭᠠᠨ ᠠᠯᠬᠤᠯᠠᠵᠤ ᠥᠨᠳᠥᠷ ᠲᠤ ᠠᠪᠠᠷᠢᠬᠤ ᠵᠢᠭᠤᠯᠴᠢᠯᠠᠯ ᠵᠡᠷᠭᠡ ᠤᠨᠴᠠᠯᠢᠭᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠬᠥᠲᠥᠯᠥᠨ ᠳᠠᠭᠠᠭᠤᠯᠵᠤ᠂ ︽ᠵᠤᠭ᠎ᠠ ᠴᠡᠩᠭᠡᠯᠳᠦ ᠲᠠᠮᠢᠷ ᠤᠨ ᠬᠥᠳᠡᠯᠭᠡᠭᠡᠨ · ᠢᠳᠡᠷᠡᠬᠦᠨ ᠠᠯᠬᠤᠭ᠎ᠠ ᠬᠥᠨᠳᠡᠯᠡᠨ ᠲᠣᠭᠤᠷᠢᠭ︾ ᠤᠨ ᠨᠡᠷ᠎ᠡ ᠶᠢᠨ ᠬᠠᠭᠤᠳᠠᠰᠤ ᠶᠢ ᠬᠡᠷᠡᠯ ᠰᠠᠴᠤᠷᠠᠭᠤᠯᠤᠨ᠎ᠠ᠃     ᠳᠥᠷᠪᠡ ᠳᠤ᠂ ᠠᠵᠢᠯ ᠣᠯᠭᠤᠵᠤ ᠦᠢᠯᠡᠰ ᠪᠣᠰᠬᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠦᠯᠦᠰᠦᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠶ ᠬᠦᠮᠦᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠪᠦᠬᠦ ᠵᠢᠯ ᠳᠤ ᠬᠤᠲᠠ ᠪᠠᠯᠭᠠᠰᠤ ᠶᠢᠨ ᠠᠵᠢᠯ ᠣᠯᠤᠭᠰᠠᠳ ᠢ 9000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ᠂ ᠠᠵᠢᠯ ᠲᠠᠢ ᠬᠥᠮᠦᠨ ᠦᠭᠡᠶ ᠭᠡᠷ ᠪᠦᠯᠢ ᠶᠢ ᠬᠥᠳᠡᠯᠦᠩᠭᠦᠶ ᠪᠠᠷ ᠠᠵᠢᠯ ᠤᠯᠭᠤᠨ ᠰᠢᠢᠳᠪᠦᠷᠢᠯᠡᠬᠦ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠰᠠᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂  ᠦᠢᠯᠡᠰ ᠪᠤᠰᠬᠠᠬᠤ 600 ᠬᠥᠮᠦᠨ ᠢ ᠪᠣᠯᠪᠠᠰᠤᠷᠠᠭᠤᠯᠵᠤ᠂ ᠦᠢᠯᠡᠰ ᠪᠤᠰᠬᠠᠬᠤ ᠵᠢᠬᠡᠯᠡᠯᠭᠡ ᠶᠢ 6000 ᠲᠦᠮᠡᠨ ᠲᠥᠭᠦᠷᠢᠭ ᠠᠴᠠ ᠳᠡᠭᠡᠭᠰᠢ ᠲᠠᠯᠪᠢᠨ᠎ᠠ᠃ 7700 ᠬᠥᠮᠦᠨ ᠳᠤ ᠨᠥᠬᠦᠪᠥᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠳᠡᠬᠡᠵᠦ᠂ ᠴᠢᠳᠠᠪᠤᠷᠢᠲᠠᠨ ᠢ ᠬᠥᠮᠦᠵᠢᠭᠦᠯᠦᠨ ᠴᠢᠳᠡᠪᠦᠷᠢᠳᠠᠨ ᠢ ᠭᠠᠷᠭᠠᠬᠤ ᠪᠠ ᠬᠥᠳᠡᠯᠮᠦᠷᠢ ᠦᠢᠯᠡᠴᠢᠯᠡᠭᠡ ᠶᠢᠨ ᠬᠠᠮᠲᠤᠷᠠᠯᠴᠠᠭᠠᠨ ᠤ ᠰᠠᠭᠤᠷᠢᠨ ᠢ ᠪᠠᠶᠢᠭᠤᠯᠵᠤ᠂ ᠬᠤᠲᠠ ᠶᠢᠨ ᠲᠡᠰ ᠤᠨ ᠬᠥᠳᠡᠯᠮᠦᠷᠢ ᠦᠢᠯᠡᠴᠢᠯᠡᠭᠡ ᠶᠢᠨ 2 ᠲᠦᠷᠦᠯ ᠲᠡᠮᠳᠡᠭ ᠢ ᠡᠭᠦᠳᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠶᠤᠲᠠᠳ ᠤᠨ ᠬᠦᠨᠳᠡᠯᠡᠨ ᠳᠡᠭᠡᠨ ᠪᠤᠴᠠᠵᠤ ᠠᠵᠢᠯ ᠣᠯᠵᠤ ᠦᠶᠯᠡᠰ ᠪᠤᠰᠬᠠᠬᠤ ᠶᠢ ᠵᠣᠷᠢᠭᠵᠢᠭᠤᠯᠤᠨ ᠳᠡᠮᠵᠢᠵᠦ᠂ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠬᠤᠲᠠ ᠶᠢᠨ ᠲᠣᠭᠤᠷᠢᠭ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠨᠠᠩ ᠣᠯᠠᠨ ᠵᠠᠯᠠᠭᠤᠴᠤᠳ ᠢ ᠬᠥᠨᠳᠡᠯᠡᠨ ᠲᠣᠭᠤᠷᠢᠭ ᠲᠤ ᠦᠯᠡᠳᠡᠭᠡᠨ᠎ᠡ᠃      ᠲᠠᠪᠤ ᠳᠤ᠂ ᠨᠡᠶᠢᠭᠡᠮ ᠤᠨ ᠪᠠᠲᠤᠯᠠᠭ᠎ᠠ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 92% ᠲᠤ ᠬᠦᠷᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠦᠨᠳᠦᠰᠦᠨ ᠡᠮ     ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠨᠢᠭᠡ ᠥᠷᠲᠡᠭᠡ ᠪᠠᠷ ᠦᠶᠯᠡᠴᠢᠯᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠪᠠᠷᠢᠮᠳᠠ ᠪᠠᠷ ᠳ᠋ᠦᠩᠨᠡᠨ ᠪᠤᠳᠤᠬᠤ︾ ᠦᠶᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ︽ᠡᠳ᠋ ᠪᠣᠳᠠᠰ + ᠦᠶᠯᠡᠴᠢᠯᠡᠭᠡ︾ ᠶᠢᠨ ᠶᠡᠷᠦᠩᠬᠡᠶᠢᠯᠡᠭᠰᠡᠨ ᠵᠠᠭᠪᠤᠷ ᠢ ᠰᠦᠪᠡᠭᠴᠢᠯᠡᠵᠦ᠂ ᠣᠨᠴᠠ ᠬᠦᠴᠢᠷᠳᠡᠯᠲᠡᠶ ᠬᠥᠮᠦᠰ ᠢ ᠦᠨᠳᠦᠰᠦᠨ ᠵᠦᠢᠯ ᠢ ᠪᠠᠳᠤᠯᠠᠵᠤ ᠠᠪᠤᠷᠠᠨ ᠲᠤᠰᠠᠯᠠᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠨ᠎ᠠ᠃ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠷᠭᠠᠭᠤ ᠬᠠᠲᠠᠭᠤᠵᠢᠯᠲᠠᠶ ᠪᠠᠷ ᠬᠦᠴᠦ ᠶᠠᠪᠤᠭᠰᠠᠳ ᠤᠨ ᠣᠯᠪᠠᠰᠤ ᠵᠣᠬᠢᠬᠤ ᠴᠠᠯᠢᠩ ᠬᠦᠯᠦᠰᠦ ᠪᠠᠨ ᠣᠯᠬᠤ ᠶᠢ ᠦᠨᠡᠨᠬᠦ ᠪᠠᠲᠤᠯᠠᠨ᠎ᠠ᠃    ︵ᠲᠤᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠡᠷᠡᠰ ᠭᠤᠶᠢᠪᠢᠰᠢ ᠦᠭᠡᠢ ᠨᠢᠭᠡᠳᠦᠯᠲᠡᠢ ᠲᠦᠯᠦᠪᠵᠢᠬᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠤ ᠬᠠᠯᠬᠠᠪᠴᠢ ᠶᠢ ᠦᠷᠭᠦᠯᠵᠢᠯᠡᠨ ᠪᠠᠲᠤ ᠴᠤᠬᠴᠠᠯᠠᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠪᠥᠬᠦ ᠶᠠᠪᠤᠴᠠ ᠳᠤ ᠲᠤᠭᠤᠰᠢᠯᠠᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠬᠥᠨᠳᠡᠯᠡᠨ ᠲᠣᠭᠤᠷᠢᠭ ᠢ ᠪᠥᠲᠥᠭᠡᠨ ᠪᠠᠶᠢᠭᠤᠯᠤᠨ᠎ᠠ᠃     ᠨᠢᠭᠡ ᠳᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠠᠵᠤ ᠦᠶᠯᠡᠳᠪᠦᠷᠢ ᠶᠢᠨ ᠠᠵᠤ ᠦᠶᠯᠡᠰ ᠤᠨ ᠭᠤᠤᠯ ᠴᠣᠭᠴᠠ ᠶᠢᠨ ᠭᠠᠶᠢᠯᠢ ᠶᠢᠨ ᠢᠷᠡᠯᠲᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠶᠯᠡᠰ ᠤᠨ ᠦᠶᠯᠡᠴᠢᠯᠡᠭᠡᠨ ᠤ ᠦᠶᠯᠡᠰ ᠤᠨ ᠨᠡᠮᠡᠭᠳᠡᠯ ᠭᠠᠶᠢᠯᠢ ᠶᠢᠨ ᠢᠷᠡᠯᠲᠡ ᠶᠢ ᠪᠤᠶᠢᠵᠢᠭᠤᠯᠤᠨ᠂ ᠪᠠᠷᠢᠯᠭ᠎ᠠ ᠶᠢᠨ ᠦᠶᠯᠡᠰ ᠤᠨ ᠠᠵᠤ ᠠᠬᠤᠶᠢᠯᠠᠯ ᠤᠨ ᠭᠠᠶᠢᠯᠢ ᠶᠢᠨ ᠢᠷᠡᠯᠲᠡ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠤᠲᠠ ᠶᠢ ᠡᠵᠡᠩᠨᠡᠬᠦ ᠠᠵᠢᠯ ᠢ ᠰᠠᠶᠢᠲᠤᠷ ᠬᠢᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 40 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠂ ᠲᠥᠰᠦᠪ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ︽ᠭᠤᠷᠪᠠ ᠶᠢ ᠪᠠᠲᠤᠯᠠᠬᠤ︾ ᠵᠢᠴᠢ ᠬᠠᠤᠯᠢ ᠪᠠᠷ ᠲᠣᠭᠲᠠᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠦᠩᠬᠦ ᠶᠢ ᠭᠦᠶᠴᠡᠳ ᠲᠤᠭ᠎ᠠ ᠪᠠᠷ ᠲᠣᠬᠢᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠷᠮᠠᠶᠢᠨ ᠪᠡᠶᠡᠯᠡᠭᠦᠯᠦᠨ᠎ᠡ᠃ ︽ᠠᠷᠪᠢᠯᠠᠨ ᠭᠠᠮᠨᠠᠵᠤ ᠠᠮᠢᠳᠤᠷᠠᠬᠤ︾ ᠶᠢ ᠲᠠᠳᠬᠠᠯ ᠪᠤᠯᠭᠠᠨ ᠪᠠᠷᠢᠮᠲᠠᠯᠠᠵᠤ᠂ ᠬᠦᠨᠳᠦ ᠬᠥᠩᠭᠡᠨ ᠠᠯᠭᠤᠷ     ᠪᠠᠴᠢᠮ ᠳᠤ ᠢᠯᠭᠠᠵᠤ ᠬᠠᠨᠳᠤᠨ᠂ ᠬᠢᠵᠠᠭᠠᠷᠲᠠᠶ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠡᠭᠡᠷ᠎ᠡ ᠲᠥᠪᠯᠡᠷᠡᠭᠦᠯᠦᠨ᠎ᠡ᠃ ᠡᠩ ᠤᠨ ᠴᠢᠨᠠᠷᠲᠠᠢ ᠵᠠᠷᠤᠯᠭ᠎ᠠ ᠪᠠ ᠪᠠᠴᠢᠮ ᠬᠡᠷᠡᠭᠴᠡᠭᠡ ᠶᠢᠨ ᠪᠤᠰᠤ᠂ ᠬᠠᠳᠠᠭᠤ ᠵᠠᠷᠤᠯᠭ᠎ᠠ ᠶᠢᠨ ᠪᠤᠰᠤ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠲᠥᠰᠦᠪ ᠤᠨ ᠲᠣᠬᠢᠷᠠᠭᠤᠯᠤᠯᠲᠠ᠂ ᠲᠡᠭᠡᠲᠦ ᠱᠠᠳᠤᠨ ᠠᠴᠠ ᠲᠡᠮᠡᠴᠡᠨ ᠤᠯᠬᠤ ᠪᠠᠷ ᠴᠢᠷᠮᠠᠶᠢᠬᠤ᠂ ᠡᠩ ᠤᠨ ᠵᠠᠷᠤᠯᠭ᠎ᠠ ᠶᠢ ᠪᠠᠭᠠᠰᠬᠠᠬᠤ᠂ ᠡᠳ᠋ ᠬᠥᠷᠥᠩᠭᠡ ᠶᠢ ᠰᠢᠶᠳᠪᠦᠷᠢᠯᠡᠬᠦ︾ ᠵᠡᠷᠭᠡ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠬᠦᠯᠵᠦ᠂ ᠣᠨ ᠤ ᠬᠠᠷᠠᠯᠳᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃      ᠬᠤᠶᠠᠷ ᠲᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠤᠷ ᠲᠦᠪᠰᠢᠨ ᠢᠶᠠᠷ ᠬᠥᠭᠵᠢᠬᠦ ᠤᠶᠢᠯᠠᠭᠠᠬᠳᠠᠬᠤᠨ ᠢ ᠪᠠᠲᠤ ᠪᠣᠶ ᠪᠣᠯᠭᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ  ᠭᠤᠷᠪᠠᠨ ᠡᠷᠬᠡᠪᠰᠢ︾ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ︽ᠠᠶᠤᠯᠬᠦᠢ ᠦᠶᠯᠡᠳᠪᠦᠷᠢᠯᠡᠯ ᠤᠨ ᠠᠰᠠᠭᠤᠳᠠᠯ ᠤᠨ ᠦᠨᠳᠦᠰᠦ ᠶᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠠᠶᠤᠯᠬᠦᠢ ᠦᠶᠯᠡᠳᠪᠦᠷᠢᠯᠡᠯ ᠤᠨ ᠲᠤᠬᠠᠢ ᠲᠤᠭᠤᠷᠢᠨ ᠪᠠᠶᠢᠴᠠᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠡᠭᠦᠰᠬᠦ ᠶᠢ ᠡᠷᠡᠰ ᠬᠤᠷᠢᠭᠯᠠᠨ᠎ᠠ᠃     ᠢᠳᠡᠭᠡᠨ ᠪᠠ ᠡᠮ ᠤᠨ  ᠵᠦᠢᠯᠡᠰ ᠤᠨ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠦᠯᠢ ᠶᠢᠨ ᠲᠣᠣᠷ ᠤᠨ ᠬᠤᠷᠢᠭ᠎ᠠ ᠪᠤᠭᠤᠮᠲᠠ᠂ ᠡᠯᠧᠺᠲᠷᠣᠨ ᠬᠡᠷᠡᠰᠬᠡ ᠵᠡᠷᠭᠡ ᠣᠶᠤᠨᠴᠢ ᠰᠡᠷᠡᠯ ᠤᠨ ᠡᠬᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠯᠠᠭᠠᠶᠢᠯᠠᠬᠤ ᠲᠡᠭᠡᠷᠡᠮᠳᠡᠬᠦ ᠮᠡᠬᠡᠯᠡᠬᠦ᠂ ᠬᠤᠣᠷᠲᠤ ᠡᠳ᠋᠂ ᠴᠠᠬᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ᠂ ᠰᠦᠯᠵᠢᠶᠡᠨ ᠳᠡᠭᠡᠷ᠎ᠡ ᠴᠤᠤᠷᠬᠠᠯ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃     ᠭᠤᠷᠪᠠ ᠳᠤ᠂ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠪᠦᠬᠦ ᠬᠤᠲᠠ ᠶᠢᠨ ᠬᠡᠪᠴᠢᠶᠡᠨ ᠤ ᠲᠣᠣᠷᠵᠢᠭᠤᠯᠤᠭᠰᠠᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠠᠨ ᠡᠰᠢᠵᠢᠭᠰᠡᠨ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠶᠢ ᠭᠦᠨᠵᠡᠭᠡᠢ ᠠᠬᠢᠭᠤᠯᠵᠤ᠂ ᠳᠠᠷᠤᠭᠳᠠᠮᠠᠯ ᠬᠡᠷᠡᠭ ᠢ ᠰᠢᠢᠳᠪᠦᠷᠢᠯᠡᠨ ᠠᠷᠢᠯᠭᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠵᠠᠬᠢᠳᠠᠯ ᠰᠤᠷᠪᠤᠯᠵᠢᠯᠡᠯ ᠢ ᠣᠷᠣᠯᠠᠨ ᠭᠦᠢᠴᠡᠳᠬᠡᠬᠦ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠭᠦᠳᠡᠨ ᠳᠤ ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ ᠢ ᠪᠣᠳᠠᠲᠠᠢ ᠰᠠᠶᠢᠨ ᠬᠢᠨ᠎ᠡ᠃ ᠪᠦᠬᠦ ᠬᠤᠲᠠ ᠶᠢᠨ ᠬᠡᠪᠴᠢᠶᠡᠨ ᠤ ᠮᠡᠳᠡᠭᠡ ᠵᠠᠩᠬᠢᠵᠢᠬᠰᠠᠨ ᠵᠠᠰᠠᠯᠲᠠ ᠶᠢ ᠠᠬᠢᠭᠤᠯᠵᠤ᠂ ᠤᠶᠤᠨᠲᠤ ᠬᠥᠨᠳᠡᠯᠡᠨ ᠲᠠᠪᠴᠠᠩ ᠢ ᠰᠠᠶᠢᠲᠤᠷ ᠬᠡᠷᠡᠭᠯᠡᠵᠦ᠂ ᠪᠥᠬᠦ ᠲᠤᠭᠤᠷᠢᠭ ᠤᠨ ᠡᠯ᠎ᠡ ᠲᠥᠷᠥᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠤᠷᠠᠮᠳᠤᠭᠤᠯᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠨᠠᠩ ᠥᠨᠳᠥᠷ ᠲᠦᠪᠰᠢᠨ ᠪᠥᠬᠦᠶ ︽ᠣᠯᠠᠨ ᠰᠦᠯᠵᠢᠶ᠎ᠡ ᠶᠢ ᠨᠢᠭᠡᠳᠬᠡᠨ᠂ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ     ᠠᠬᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠠᠰᠠᠷᠠᠮᠵᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠨᠢᠭᠡ ᠬᠤᠭᠤᠴᠠᠭᠠᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠡᠯ᠎ᠡ ᠲᠠᠯ᠎ᠠ ᠳᠤ ᠡᠷᠡᠰ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠬᠠᠮᠰᠠᠷ ᠢᠶᠠᠨ ᠴᠢᠩᠭᠠᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠴᠢᠷᠮᠠᠶᠢᠨ ᠪᠠᠶᠢᠭᠤᠯᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠤᠨ᠎ᠡ᠃      ᠡᠭᠦᠨ ᠠᠴᠠ ᠭᠠᠳᠠᠨ᠎ᠠ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠢᠨᠠᠨ ᠪᠤᠳᠤᠯᠲᠠ᠂ ᠬᠠᠩᠭᠠᠨ ᠪᠣᠷᠣᠯᠠᠭᠤᠯᠬᠤ᠂ ᠠᠮᠤ ᠪᠤᠳᠠᠭᠠᠨ ᠤ ᠠᠮᠤᠷ ᠲᠦᠪᠰᠢᠨ᠂  ᠭᠠᠵᠠᠷ ᠤᠷᠤᠨ ᠤ ᠣᠶᠢᠯᠠᠯᠭ᠎ᠠ ᠲᠡᠦᠬᠡ ᠲᠠᠩᠰᠠ ᠡᠪᠬᠡᠮᠡᠯ᠂ ᠠᠵᠢᠯᠴᠢᠨ ᠤ ᠡᠪᠯᠡᠯ᠂ ᠠᠬᠠᠮᠠᠳ ᠺᠠᠳ᠋ᠷ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠡᠯ᠎ᠡ ᠵᠦᠶᠯ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃     ᠭᠤᠷᠪᠠ᠂ ᠰᠢᠨ᠎ᠡ ᠠᠶᠠᠨ ᠰᠢᠨ᠎ᠡ ᠥᠷᠢᠰᠥᠯᠳᠦᠭᠡᠨ ᠤ ᠡᠮᠦᠨ᠎ᠡ᠂ ᠪᠢᠳᠡ ᠡᠷᠬᠡᠪᠰᠢ ᠴᠠᠭ ᠢ ᠠᠮᠵᠢᠨ ᠱᠠᠯᠠᠪᠳᠠᠨ ᠬᠢᠵᠦ᠂ ᠶᠡᠭᠡ ᠪᠠᠷ ᠠᠵᠢᠯᠯᠠᠵᠤ ᠲᠦᠷᠭᠡᠨ ᠬᠦᠳᠡᠯᠦᠯᠴᠡᠬᠦ ᠡᠷᠴᠢ ᠵᠣᠷᠢᠭ ᠢ ᠪᠠᠷᠢᠮᠲᠠᠯᠠᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃     ᠲᠥᠯᠥᠭᠡᠯᠡᠭᠴᠢᠳ ᠡ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠳᠠᠬᠢᠨ ᠪᠤᠴᠠᠬᠤ ᠬᠠᠷᠠᠯᠳᠠ ᠨᠢ ᠪᠢᠳᠡᠨ ᠳᠤ ᠨᠡᠩ ᠥᠨᠳᠥᠷ ᠱᠠᠭᠠᠷᠳᠠᠯᠭ᠎ᠠ ᠲᠤᠷᠠᠳᠤᠬᠰᠠᠨ ᠪᠠᠶᠢᠨ᠎ᠠ᠂ ᠪᠢᠳᠡ ᠡᠭᠦᠷᠢᠳᠡ ᠴᠠᠯᠠᠭᠠᠶᠢᠷᠠᠬᠤ ᠦᠭᠡᠢ ᠬᠠᠳᠠᠨ ᠵᠣᠷᠢᠭ ᠪᠠ ᠪᠠᠷᠢᠮᠲᠠᠯᠠᠯ ᠢᠶᠠᠷ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠰᠢᠨ᠎ᠡ ᠲᠡᠮᠡᠴᠡᠯ ᠢᠶᠠᠷ ᠰᠢᠨ᠎ᠡ ᠢᠷᠠᠭᠤ ᠠᠯᠳᠠᠷ ᠢ ᠲᠠᠰᠤᠷᠠᠯᠲᠠ ᠦᠭᠡᠢ ᠪᠢᠴᠢᠭᠯᠡᠵᠡᠬᠡᠶ᠎ᠡ᠃      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠯ᠎ᠡ ᠵᠦᠢᠯ ᠤᠨ ᠠᠵᠢᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠨ᠎ᠡ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠡᠷᠡᠰ ᠴᠢᠩᠭ᠎ᠠ ᠰᠠᠬᠢᠵᠤ᠂ ︽ᠬᠤᠶᠠᠷ ᠶᠡᠭᠡ ᠲᠠᠯ᠎ᠠ︾ ᠶᠢ ᠢᠮᠠᠭᠲᠠ ᠬᠡᠬᠦᠳᠡᠭ ᠴᠡᠬᠡᠵᠢᠨ ᠳᠡᠭᠡᠨ ᠪᠠᠭᠳᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠰᠠᠨ︾  ᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠪᠣᠳᠠᠲᠠᠢ ᠠᠵᠢᠯ ᠦᠢᠯᠡᠳᠦᠯᠭᠡ ᠳᠤᠮᠳᠠ ᠪᠠᠨ ᠨᠠᠶᠢᠳᠠᠪᠤᠷᠢᠵᠢᠭᠤᠯᠵᠤ᠂ ᠨᠠᠮ ᠤᠨ ᠬᠠᠮᠤᠭ ᠤᠨ ᠰᠢᠨ᠎ᠡ ᠤᠨᠤᠯ ᠢᠶᠠᠷ ᠬᠥᠭᠵᠢᠯᠲᠡ ᠶᠢ ᠡᠷᠢᠯᠬᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠰᠢᠪᠲᠤᠯᠤᠯᠲᠠ᠂ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃      ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠤᠭᠳᠠᠭᠠᠬᠤ ᠡᠯ᠎ᠡ ᠵᠦᠶᠯ ᠤᠨ ᠲᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠲᠡᠰ ᠲᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠯᠡᠵᠦ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠵᠠᠰᠠᠭ ᠤᠨ ᠣᠷᠳᠣᠨ ᠪᠠ ᠪᠦᠷᠢᠯᠳᠦᠬᠦᠨ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠴᠥᠮ ᠲᠦᠷᠦᠭᠦᠯᠡᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠠᠬᠢᠭᠤᠯᠬᠤ ᠶᠢ ᠴᠢᠬᠤᠯᠠᠴᠢᠯᠠᠨ᠎ᠠ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠱᠠᠲᠤᠨ ᠤ ᠲᠣᠭᠤᠷᠢᠨ ᠦᠵᠡᠬᠦ᠂ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠪᠦᠬᠦ ᠲᠠᠯ᠎ᠠ ᠪᠠᠷ ᠪᠠᠷᠢᠮᠵᠢᠶᠠᠯᠠᠵᠤ᠂ ᠨᠢᠭᠡ ᠠᠴᠠ ᠵᠦᠢᠴᠢᠯᠡᠨ ᠨᠦᠬᠦᠬᠡ ᠶᠢ ᠮᠡᠳᠡᠵᠦ ᠠᠵᠢᠯ ᠢᠶᠠᠨ ᠰᠠᠶᠢᠵᠢᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠰᠠᠶᠢᠲᠤᠷ ᠬᠦᠢᠴᠡᠳᠬᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠢᠨᠠᠯᠲᠠ ᠲᠠᠯᠪᠢᠬᠤ ᠶᠢ ᠥᠷᠭᠡᠨ ᠢᠶᠠᠷ ᠰᠣᠨᠣᠰᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠦᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ ᠨᠠᠢᠮᠠᠳᠤᠭᠠᠷ ᠲᠠᠪᠤᠨ ᠵᠢᠯ︾ ᠤᠨ ᠬᠠᠤᠯᠢ ᠶᠢᠨ ᠮᠡᠳᠡᠯᠭᠡ ᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠥᠬᠦᠶ ᠬᠠᠤᠯᠢᠵᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃      ᠭᠤᠷᠪᠠ ᠳᠤ᠂ ᠠᠷᠠᠳ ᠤᠨ ᠲᠥᠯᠥᠭᠡ ᠵᠢᠳᠬᠦᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠣᠶ ᠪᠣᠯᠭᠠᠨ᠂ ᠠᠷᠠᠳ ᠤᠨ ᠲᠥᠯᠥᠭᠡ  ᠪᠤᠳᠠᠳᠤ ᠠᠵᠢᠯ ᠬᠢᠵᠦ ᠦᠭᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠠᠷᠠᠳ ᠤᠨ ᠰᠠᠨᠠᠭ᠎ᠠ ᠶᠢ ᠰᠣᠨᠣᠰᠴᠤ᠂ ᠬᠥᠭᠵᠢᠯᠲᠡ ᠶᠢ ᠶᠠᠷᠢᠯᠴᠠᠬᠤ︾ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠵᠥᠷᠢᠴᠡᠯ ᠪᠠ ᠠᠰᠠᠭᠤᠳᠠᠯ ᠢ ᠢᠯᠡᠷᠡᠭᠦᠯᠦᠨ᠂ ᠠᠷᠠᠳ ᠣᠯᠠᠨ ᠤ ᠬᠠᠯᠠᠮᠵᠢᠯᠠᠨ ᠰᠠᠨᠠᠭᠠᠰᠢᠷᠠᠵᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠠ ᠡᠳᠦᠷ ᠪᠦᠷᠢ ᠨᠢᠳᠦᠨ ᠳᠤ ᠦᠵᠡᠭᠳᠡᠵᠦ ᠪᠠᠶᠢᠬᠤ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠶᠳᠪᠦᠷᠢᠯᠡᠨ᠎ᠡ᠃ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠯᠠ ᠪᠤᠯ ᠵᠠᠰᠠᠭ ᠤᠨ ᠤᠷᠳᠤᠨ ᠲᠤᠰᠬᠠᠯ ᠭᠠᠷᠬᠤ ᠶᠢ ᠪᠠᠷᠢᠮᠲᠠᠯᠠᠵᠤ᠂ ︽12345︾ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ᠂ ᠱᠠᠯᠠᠪᠳᠠᠭᠤᠯᠤᠨ ᠪᠠᠶᠢᠴᠠᠭᠠᠬᠤ᠂ ᠬᠠᠷᠢᠭᠤ ᠲᠤᠰᠬᠠᠬᠤ᠂ ᠬᠢᠨᠠᠨ ᠰᠢᠯᠭᠠᠬᠤ ᠪᠥᠬᠦ ᠶᠠᠪᠤᠴᠠ ᠶᠢᠨ ᠲᠣᠭᠲᠠᠴᠠ ᠶᠢ ᠪᠦᠷᠢᠨᠰᠢᠭᠦᠯᠵᠦ᠂ ᠠᠷᠠᠳ ᠤᠨ ᠰᠠᠨᠠᠭᠠᠨ ᠳᠤ ᠨᠠᠩ ᠰᠠᠶᠢᠳᠤᠷ ᠨᠡᠶᠢᠴᠡᠭᠦᠯᠦᠨ᠂ ᠠᠷᠠᠳ ᠤᠨ ᠬᠦᠰᠡᠯ ᠱᠠᠭᠠᠷᠳᠠᠯᠭ᠎ᠠ ᠳᠤ ᠲᠤᠰᠬᠠᠯ ᠭᠠᠷᠴᠤ᠂ ᠠᠷᠠᠳ ᠤᠨ ᠬᠦᠴᠢᠷ ᠵᠣᠪᠠᠨᠢᠯ ᠢ ᠰᠢᠶᠳᠪᠦᠷᠢᠯᠡᠨ᠎ᠡ᠃      ᠳᠥᠷᠪᠡ ᠳᠤ᠂ ᠪᠣᠳᠠᠲᠠᠶ ᠠᠵᠢᠯᠯᠠᠵᠤ ᠡᠭᠦᠷᠭᠡᠯᠡᠯ ᠢᠶᠠᠨ ᠬᠦᠢᠴᠡᠳᠬᠡᠬᠦ ᠶᠢ ᠴᠢᠩᠭᠠᠳᠬᠠᠨ᠎ᠠ᠃ ︽ᠤᠮᠠᠷᠠᠲᠤ  ᠶᠢᠨ ᠭᠤᠷᠪᠠᠨ ᠤᠷᠤᠨ︾  ᠤ ᠵᠣᠷᠢᠭ ᠰᠠᠨᠠᠭ᠎ᠠ ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠬᠠᠮᠤᠭ ᠤᠨ ᠦᠨᠳᠦᠷ ᠪᠠᠷᠢᠮᠵᠢᠶ᠎ᠠ ᠪᠠᠷ ᠠᠬᠢᠭᠤᠯᠬᠤ᠂ ᠪᠢᠲᠡᠭᠦᠦ ᠭᠤᠬᠴᠤᠭᠠᠲᠦ ᠬᠠᠮᠢᠶᠠᠷᠤᠯᠳᠠ᠂ ᠵᠢᠷᠤᠭ ᠡᠯᠭᠦᠨ ᠪᠠᠶᠢᠯᠳᠤᠬᠤ᠂ ᠡᠳᠦᠷ ᠤᠨ ᠶᠠᠪᠤᠳᠠᠯ ᠢ ᠡᠳᠦᠷ ᠲᠤᠨᠢ ᠲᠠᠭᠤᠰᠬᠠᠵᠤ ᠰᠠᠷ᠎ᠠ ᠪᠦᠷᠢ ᠨᠢᠬᠡ ᠤᠳᠠᠭ᠎ᠠ ᠳ᠋ᠦᠩᠨᠡᠬᠦ︾ ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠪᠤᠯᠤᠨ᠎ᠠ ᠬᠡᠵᠤ ᠪᠤᠳᠤᠬᠰᠠᠨ ᠪᠤᠯ ᠬᠢᠵᠤ᠂ ᠬᠢᠪᠠᠯ ᠲᠠᠷᠤᠢ ᠰᠠᠶᠢᠲᠤᠷ ᠬᠢᠬᠦ︾ ᠶᠢ ᠠᠵᠢᠯ ᠤᠨ ᠰᠢᠨ᠎ᠡ ᠬᠡᠪ ᠵᠤᠷᠰᠢᠯ ᠪᠣᠯᠭᠠᠨ᠎ᠠ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠢ ᠶᠢ ᠢᠮᠠᠭᠲᠠ ᠪᠠᠲᠤ ᠪᠤᠢ ᠪᠣᠯᠭᠠᠵᠤ᠂ ᠬᠦᠴᠢᠷ ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠵᠤ᠂ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠤᠳᠤᠯᠵᠤ᠂ ︽ᠮᠢᠨᠦ ᠭᠠᠷ ᠲᠠᠬᠢ ᠬᠡᠷᠡᠭ ᠶᠠᠪᠤᠳᠠᠯ ᠢ ᠪᠢ ᠵᠠᠪᠠᠯ ᠰᠢᠢᠳᠪᠦᠷᠢᠯᠡᠬᠦ︾ ᠡᠭᠦᠷᠭᠡᠯᠡᠯ ᠢᠶᠠᠷ ᠪᠣᠳᠠᠲᠠᠢ ᠠᠵᠢᠯᠯᠠᠵᠤ ᠪᠣᠭᠤᠮᠢ ᠪᠤᠯᠵᠤ ᠪᠠᠶᠢᠭ᠎ᠠ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠴᠤᠭ ᠵᠤᠷᠢᠭ ᠪᠠᠳᠠᠷᠠᠩᠭᠤᠢ ᠲᠡᠮᠡᠴᠡᠯ ᠤᠨ ᠵᠣᠷᠢᠭ ᠰᠠᠨᠠᠭ᠎ᠠ ᠪᠣᠯᠤᠨ ᠵᠣᠷᠢᠭᠲᠠᠶ ᠲᠤᠷᠰᠢᠵᠤ ᠵᠣᠷᠢᠭᠲᠠᠶ ᠰᠢᠪᠳᠤᠯᠬᠤ ᠠᠵᠢᠯ ᠤᠨ ᠡᠷᠴᠢ ᠵᠣᠷᠢᠭ ᠢᠶᠠᠨ ᠢᠮᠠᠭᠲᠠ ᠪᠠᠷᠢᠮᠲᠠᠯᠠᠵᠤ᠂ ᠬᠦᠴᠢᠷ ᠪᠡᠷᠬᠡᠰᠢᠶᠡᠯ ᠤᠨ ᠡᠮᠦᠨ᠎ᠡ ᠰᠢᠯᠲᠠᠭ ᠡᠷᠢᠬᠦ ᠥᠬᠡᠶ᠂ ᠵᠥᠪᠬᠡᠨ ᠠᠮᠵᠢᠯᠲᠠ ᠳᠤ ᠬᠥᠷᠬᠦ ᠶᠢᠨ ᠲᠥᠯᠥᠭᠡ ᠠᠷᠭ᠎ᠠ ᠪᠤᠳᠤᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ᠂ ᠴᠢᠳᠠᠮᠠᠭᠠᠶ ᠬᠢᠵᠦ ᠴᠢᠳᠠᠮᠠᠭᠠᠶ ᠪᠦᠳᠦᠬᠡᠬᠦ ᠶᠢ ᠵᠠᠰᠠᠭ ᠤᠨ ᠣᠷᠳᠣᠨ ᠤ ᠠᠵᠢᠯ ᠤᠨ ᠭᠤᠤᠯ ᠬᠥᠭ ᠠᠶᠠᠰ ᠪᠣᠯᠭᠠᠨ᠎ᠠ᠃      ᠲᠠᠪᠤ ᠳᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠳᠠᠬᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ᠂ ᠨᠡᠶᠢᠭᠡᠮ ᠠᠷᠠᠳ ᠤᠨ ᠠᠮᠢᠳᠤᠷᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠬᠤ ᠲᠥᠷᠥᠯ ᠤᠨ ᠲᠥᠷᠥᠯ ᠵᠦᠶᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠲᠠᠩᠰᠠ᠂ ᠠᠵᠤ ᠠᠬᠤᠶ ᠶᠢᠨ ᠲᠠᠩᠰᠠ᠂ ᠠᠷᠠᠳ ᠤᠨ ᠠᠮᠢᠳᠤᠷᠠᠯ ᠤᠨ ᠲᠠᠩᠰᠠ ᠶᠢ ᠰᠠᠶᠢᠲᠤᠷ ᠪᠤᠳᠤᠵᠤ᠂ ᠠᠯᠢᠪᠠ ᠠᠵᠢᠯ ᠦᠶᠯᠡᠰ ᠢ ᠠᠵᠢᠯᠴᠢ ᠠᠷᠪᠢᠴᠢ ᠪᠠᠷ ᠬᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠷᠪᠢᠴᠢ ᠭᠠᠮᠳᠠᠢ ᠠᠮᠢᠳᠤᠷᠠᠯ ᠢᠶᠠᠷ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠣᠯᠢᠨ᠎ᠠ᠃      ᠲᠥᠯᠥᠭᠡᠯᠡᠭᠴᠢᠳ ᠡ︕  ᠴᠢᠪ ᠬᠡᠮᠡᠨ ᠳᠠᠷᠪᠠᠭᠤᠯ ᠬᠡᠶᠢᠰᠬᠡᠨ ᠠᠶᠠᠯᠠᠬᠤ ᠠᠰᠢᠬᠳᠠᠢ ᠴᠠᠭ ᠪᠤᠯᠤᠨ᠎ᠠ᠂ ᠳᠠᠪᠠᠯᠭᠠᠨ ᠢ ᠰᠦᠷᠦᠨ ᠤᠷᠤᠭᠰᠢᠯᠠᠵᠤ ᠰᠠᠷᠠᠭᠤᠯ ᠢᠷᠡᠭᠡᠳᠦᠢ ᠪᠠᠨ ᠴᠣᠭᠴᠠᠯᠠᠬᠤ ᠶᠢᠨ ᠲᠦᠯᠦᠬᠡ ᠮᠠᠷᠠᠶᠢᠨ ᠲᠠᠮᠡᠴᠠᠵᠡᠬᠡᠶ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂  ᠵᠤᠷᠢᠬᠳᠠᠢ ᠪᠠᠷ ᠡᠷᠡᠯᠭᠡᠭᠯᠡᠨ ᠲᠠᠮᠠᠴᠡᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠲᠡᠷᠢᠭᠦᠨ ᠡᠩᠨᠡᠭᠡ ᠳᠤ ᠳᠠᠬᠢᠨ ᠪᠤᠴᠠᠵᠤ᠂ ᠰᠢᠨ᠎ᠡ ᠴᠠᠭ ᠦᠶ᠎ᠡ ᠶᠢᠨ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠨᠡᠷ᠎ᠡ ᠦᠭᠡᠰ ᠤᠨ ᠲᠠᠶᠢᠯᠪᠤᠷᠢ     1 . ︽ᠬᠤᠪᠣᠷ ᠰᠢᠷᠣᠶ ᠶᠢᠨ ᠬᠤᠶᠠᠷ ᠰᠠᠭᠤᠷᠢᠨ︾᠄ ᠲᠤᠬᠠᠶᠢᠯᠠᠪᠠᠯ ᠶᠡᠷᠦᠩᠬᠡᠶ ᠱᠦᠵᠢ ᠰᠢ ᠶᠢᠨ ᠫᠢᠩ 2023 ᠣᠨ ᠤ 6 ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠪᠤᠭᠤᠲᠤ ᠳᠤ ︽ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠥᠬᠦ ᠳᠡᠯᠡᠬᠡᠶ ᠳᠤ ᠲᠡᠷᠢᠭᠦᠯᠡᠭᠰᠡᠨ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ︾ ᠢ ᠪᠥᠲᠥᠭᠡᠨ ᠪᠠᠶᠢᠭᠤᠯᠬᠤ ᠬᠦᠰᠡᠯ ᠨᠠᠶᠢᠳᠠᠯᠭ᠎ᠠ ᠲᠠᠯᠪᠢᠪᠠ᠃     2. ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ︾᠄ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠣᠬᠢᠬᠤ ᠲᠠᠰ ᠳᠠᠷᠠᠭᠠᠯᠠᠯ ᠶᠣᠰᠣᠭᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠶᠯᠡᠰ ᠵᠡᠷᠭᠡ ᠨᠢᠭᠡᠴᠢ ᠠᠴᠠ ᠰᠣᠩᠭᠤᠨ ᠲᠣᠮᠢᠯᠠᠵᠤ ᠦᠨᠳᠦᠰᠦᠨ ᠱᠠᠲᠤ᠂ ᠠᠵᠤ ᠠᠬᠤᠶᠢᠯᠠᠯ ᠳᠤ ᠬᠦᠷᠴᠦ ᠰᠢᠨ᠎ᠡ ᠶᠢ ᠡᠭᠦᠳᠦᠨ ᠦᠶᠯᠡᠰ ᠪᠤᠰᠬᠠᠬᠤ ᠵᠢᠴᠢ ᠮᠡᠷᠭᠡᠵᠢᠯ ᠤᠨ ᠦᠶᠯᠡᠴᠢᠯᠡᠭᠡ ᠥᠷᠨᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠵᠢᠭᠠᠵᠤ ᠪᠣᠶ᠃     3. ︽ᠳᠥᠷᠪᠡᠨ ᠨᠢᠭᠡ︾ ᠶᠢᠨ ᠠᠵᠢᠯᠯᠠᠭ᠎ᠠ᠄ ᠲᠤᠬᠠᠶᠢᠯᠠᠪᠠᠯ᠂ ᠨᠢᠭᠡ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠬᠤ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠨᠢᠬᠡᠨ ᠪᠠᠶᠢᠯᠳᠤᠬᠤ ᠪᠤᠳᠤᠯᠭ᠎ᠠ ᠶᠢᠨ ᠴᠢᠨᠡᠷᠲᠡᠢ ᠠᠵᠤ ᠦᠢᠯᠡᠰ ᠪᠤᠶᠤ ᠰᠢᠨ᠎ᠡ ᠪᠠᠷ ᠮᠠᠨᠳᠤᠬᠰᠠᠨ ᠠᠵᠤ ᠦᠶᠯᠡᠰ ᠢ ᠰᠤᠩᠭᠤᠵᠤ᠂ ᠨᠢᠭᠡ ᠪᠦᠯᠦᠭ ᠰᠢᠨ᠎ᠡ ᠦᠶᠯᠡᠳᠬᠦᠨ ᠢ ᠨᠡᠭᠡᠭᠡᠨ ᠬᠥᠭᠵᠢᠭᠦᠯᠦᠨ᠎ᠡ᠃     4. ︽ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠨ ᠲᠤᠮᠢᠯᠠᠬᠤ︾᠄ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠬᠦ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠢ ᠪᠦᠬᠦᠨ ᠢ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠴᠤ᠂ ᠡᠯ᠎ᠡ ᠰᠤᠷᠭᠠᠭᠤᠯᠢ ᠵᠢᠭᠠᠨ ᠰᠤᠷᠭᠠᠬᠤ ᠬᠡᠷᠡᠭᠴᠡᠭᠡ ᠪᠣᠯᠤᠨ ᠣᠷᠣᠨ ᠲᠤᠭ᠎ᠠ ᠶᠢᠨ ᠬᠡᠮᠵᠢᠶ᠎ᠡ ᠪᠠᠨ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠤᠷᠢᠨ ᠲᠤᠮᠢᠯᠠᠬᠤ ᠶᠢ ᠵᠢᠭᠠᠵᠤ ᠪᠤᠶ᠃     5. ︽ᠲᠠᠪᠤᠵᠢᠭᠤᠯᠬᠤ ᠳᠥᠷᠪᠡᠨ ᠭᠤᠶᠤ︾᠄ ︽ᠲᠠᠪᠤᠵᠢᠭᠤᠯᠬᠤ︾ ᠭᠡᠳᠡᠭ ᠨᠢ ᠵᠣᠷᠯᠣᠩ ᠢ ᠴᠡᠪᠡᠷᠰᠢᠬᠦᠯᠬᠦ᠂ ᠵᠠᠮ ᠢ ᠰᠢᠯᠢᠳᠡᠭᠵᠢᠭᠦᠯᠬᠦ᠂ ᠵᠠᠮ ᠤᠨ ᠳ᠋ᠧᠩ ᠢ ᠭᠡᠷᠡᠯᠲᠦᠭᠦᠯᠬᠦ᠂ ᠠᠶᠢᠯ ᠲᠣᠰᠬᠤᠨ ᠢ ᠨᠣᠭᠤᠭᠠᠷᠠᠭᠤᠯᠬᠤ᠂ ᠬᠠᠮᠢᠶᠠᠷᠴᠤ ᠬᠠᠮᠠᠭᠠᠯᠠᠬᠤ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠵᠢᠭᠠᠵᠤ ᠪᠣᠶ︔ ︽ᠳᠥᠷᠪᠡᠨ ᠭᠤᠶᠤ︾ ᠭᠡᠳᠡᠭ ᠨᠢ ᠬᠤᠲᠠ ᠬᠥᠳᠡᠭᠡ ᠶᠢᠨ ᠥᠩᠭᠡ ᠦᠵᠡᠮᠵᠢ ᠭᠤᠶᠤ᠂ ᠬᠥᠳᠡᠭᠡ ᠨᠤᠲᠤᠭ ᠤᠨ ᠠᠮᠢ ᠠᠬᠤᠶ ᠭᠤᠶᠣ᠂ ᠦᠶᠯᠡᠳᠪᠦᠷᠢᠯᠡᠯ ᠠᠮᠢᠳᠤᠷᠠᠯ ᠭᠤᠶᠣ᠂ ᠪᠣᠯᠪᠠᠰᠤᠨ ᠰᠢᠨ᠎ᠡ ᠬᠡᠪ ᠰᠤᠷᠲᠠᠯ ᠭᠤᠶᠣ ᠪᠠᠶᠢᠬᠤ ᠶᠢ ᠵᠢᠭᠠᠵᠤ ᠪᠠᠶᠢᠨ᠎ᠠ᠃     6. ︽ᠰᠤᠯᠠ ᠲᠠᠷᠠᠬᠠᠢ᠂ ᠡᠷᠦᠢ ᠬᠤᠷᠦᠢ ᠦᠭᠡᠢ᠂ ᠪᠣᠬᠢᠷᠲᠤᠯ ᠶᠡᠬᠡᠳᠡᠢ︾ ᠠᠵᠤ ᠠᠬᠤᠶᠢᠯᠠᠯ᠄ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠦᠭᠡᠢ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠬᠦ ᠦᠭᠡᠢ ᠵᠢᠴᠢ ᠭᠠᠵᠠᠷ ᠰᠢᠷᠣᠢ᠂ ᠣᠷᠴᠢᠨ ᠲᠤᠭᠤᠷᠢᠨ ᠤ ᠬᠠᠮᠠᠭᠠᠯᠠᠯᠲᠠ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ  ᠮᠡᠷᠬᠡᠵᠢᠯ ᠤᠨ ᠬᠢᠨᠠᠯᠲᠠ ᠲᠠᠯᠪᠢᠬᠤ ᠵᠡᠷᠭᠡ ᠭᠠᠷᠳᠠᠮ ᠨᠢ ᠪᠦᠷᠢᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠭᠠᠵᠤ ᠪᠠᠶᠢᠨ᠎ᠠ᠃      7. ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ᠄ ︽ᠨᠢᠭᠡ ᠶᠢ ᠵᠠᠰᠠᠬᠤ︾ ᠭᠡᠳᠡᠭ ᠨᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠤᠨ ︽ᠰᠢᠨ᠎ᠡ ᠥᠷᠢ ᠬᠠᠭᠤᠴᠢᠨ ᠲᠠᠩᠰᠠ︾ ᠶᠢ ᠲᠤᠶᠢᠯᠪᠤᠷᠢᠳᠠᠢ ᠪᠠᠶᠢᠴᠠᠭᠠᠵᠤ᠂ ᠵᠠᠰᠠᠯᠲᠠ ᠶᠢ ᠴᠠᠭ ᠲᠤᠬᠠᠶ ᠳᠤᠨᠢ ᠴᠢᠨᠠᠬᠰᠢᠯᠠᠨ ᠤᠷᠢᠳᠴᠢᠯᠠᠨ ᠪᠦᠷᠢᠮᠦᠰᠦᠨ ᠲᠦᠢᠯᠪᠤᠷᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢ ᠵᠢᠭᠠᠵᠤ ᠪᠠᠶᠢᠨ᠎ᠠ︔ ︽ᠭᠤᠷᠪᠠ ᠶᠢ ᠬᠤᠪᠢᠷᠠᠭᠤᠯᠬᠤ︾ ᠭᠡᠳᠡᠭ ᠨᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠪᠠᠷ ᠳᠠᠮᠵᠢᠭᠤᠯᠤᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ︽ᠰᠠᠨᠠᠭᠠᠴᠢᠯᠠᠭᠠᠳᠤ ᠪᠤᠰᠤ ᠪᠠᠷ ᠴᠡᠭᠴᠡᠯᠡᠨ ᠰᠠᠶᠢᠵᠢᠷᠠᠭᠤᠯᠵᠤ ᠪᠠᠶᠢᠭᠰᠠᠨ ᠢ ᠰᠠᠨᠠᠭᠠᠴᠢᠯᠠᠭ᠎ᠠ ᠲᠠᠢ ᠬᠠᠮᠠᠭᠠᠯᠠᠬᠤ ᠪᠣᠯᠭᠠᠨ ᠬᠤᠪᠢᠷᠠᠭᠤᠯᠬᠤ᠂ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠪᠠᠶᠢᠬᠰᠠᠨ ᠢ ᠬᠠᠮᠵᠢᠯᠴᠠᠨ ᠵᠠᠰᠠᠬᠤ ᠪᠣᠯᠭᠠᠨ ᠬᠤᠪᠢᠷᠠᠭᠤᠯᠬᠤ᠂ ᠭᠠᠳᠠᠷ ᠲᠠᠯ᠎ᠠ ᠠᠴᠠ ᠬᠦᠯᠢᠶᠡᠰᠦᠯᠡᠵᠦ ᠪᠠᠶᠢᠭᠰᠠᠨ ᠢ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ  ︾ ᠶᠢ ᠵᠢᠭᠠᠵᠤ ᠪᠣᠶ᠃      8. ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ᠄ ︽ᠭᠤᠷᠪᠠᠨ ᠤᠯᠠᠨ︾ ᠪᠣᠯ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠤᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃      9. ︽ᠳᠣᠯᠣᠭᠠᠨ ᠶᠡᠭᠡ ᠠᠵᠢᠯᠯᠠᠭ᠎ᠠ︾᠄  ᠲᠤᠬᠠᠶᠢᠯᠠᠪᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠳᠡᠭᠡᠷ᠎ᠡ ᠳᠤᠷᠠᠳᠤᠭᠰᠠᠨ ︽ᠬᠤᠪᠣᠷ ᠰᠢᠷᠣᠢ ᠶᠢᠨ  ᠬᠤᠶᠠᠷ ᠰᠠᠭᠤᠷᠢᠨ︾ ᠢ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠠᠵᠢᠯᠯᠠᠭ᠎ᠠ᠂ ᠲᠠᠯᠠᠰᠲᠤ ᠴᠠᠬᠢᠭᠤᠷ ᠤᠨ ᠭᠡᠷᠡᠯ ᠴᠡᠨᠡᠭ ᠤᠨ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠠᠵᠢᠯᠯᠠᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠭᠦᠯᠬᠦ ᠠᠵᠢᠯᠯᠠᠭ᠎ᠠ᠂ ᠰᠣᠶᠣᠯ  ᠪᠠᠶ᠎ᠠ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠳᠡᠰ ᠳᠡᠪᠰᠢᠭᠦᠯᠬᠦ ᠠᠵᠢᠯᠯᠠᠭ᠎ᠠ᠂ ᠠᠷᠠᠳ ᠤᠨ ᠠᠮᠢᠳᠤᠷᠠᠯ ᠤᠨ ᠠᠵᠢᠯ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠦᠵᠡᠰᠬᠦᠯᠡᠩᠲᠦ ᠰᠠᠶᠢᠬᠠᠨ ᠪᠤᠭᠤᠲᠤ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ᠃      10. ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾᠄ ᠳᠠᠷᠤᠶ ᠲᠤᠭᠤᠷᠢᠭ ᠤᠨ ᠨᠠᠮ ᠤᠨ ᠬᠤᠷᠢᠶ᠎ᠠ ᠠᠷᠪᠠᠨ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠳᠤᠷᠠᠳᠤᠭᠰᠠᠨ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠢ ᠪᠦᠲᠦᠭᠡᠨ ᠪᠠᠶᠢᠭᠤᠯᠬᠤ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ᠃ ︽ᠬᠤᠶᠠᠷ ᠦᠨᠳᠦᠷᠯᠢᠭ︾ ᠪᠣᠯ ᠪᠣᠯᠣᠳ ᠲᠡᠮᠦᠷ ᠤᠨ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠥᠨᠳᠦᠷᠯᠢᠭ᠂ ︽ᠬᠤᠪᠣᠷ ᠰᠢᠷᠣᠶ ᠶᠢᠨ ᠬᠤᠶᠠᠷ ᠰᠠᠭᠤᠷᠢᠨ︾ ᠤ ᠪᠥᠲᠥᠭᠡᠨ ᠪᠠᠶᠢᠭᠤᠯᠤᠯᠲᠠ ᠶᠢᠨ ᠠᠴᠢᠶᠠᠯᠠᠪᠤᠷᠢ ᠭᠠᠵᠠᠷ ᠤᠨ ᠦᠨᠳᠦᠷᠯᠢᠭ ᠪᠣᠯᠤᠨ᠎ᠠ︔ ︽ᠭᠤᠷᠪᠠᠨ ᠣᠷᠣᠨ︾ ᠪᠣᠯ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾  ᠶᠢᠨ ᠭᠤᠣᠯ ᠣᠷᠣᠨ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠲᠥᠪᠯᠡᠷᠡᠭᠰᠡᠨ ᠣᠷᠣᠨ᠂ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ‍ᠤᠨ‌‍ᠲ᠋ᠦ᠋ᠷᠦᠬᠦᠴᠢ ᠣᠷᠣᠨ ᠪᠣᠯᠤᠨ᠎ᠠ︔ ︽ᠨᠢᠭᠡ ᠲᠥᠪ︾ ᠪᠣᠯ ᠣᠷᠣᠨ ᠪᠦᠰᠡ ᠶᠢᠨ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠲᠥᠪ ᠮᠥᠨ᠃      11. ︽ᠳᠥᠷᠪᠡᠨ ᠮᠢᠩᠭ᠎ᠠ ᠶᠢᠨ ᠵᠣᠷᠢᠭ ᠰᠠᠨᠠᠭ᠎ᠠ︾᠄ ︽ᠳᠥᠷᠪᠡᠨ ᠮᠢᠩᠭ᠎ᠠ︾ ᠪᠣᠯ ᠮᠢᠩᠭᠠᠨ ᠠᠭᠤᠯᠠ ᠲᠦᠮᠡᠨ ᠭᠠᠵᠠᠷ ᠢᠶᠠᠷ ᠶᠠᠪᠤᠬᠤ᠂ ᠮᠢᠩᠭᠠᠨ ᠠᠷᠭ᠎ᠠ ᠲᠦᠮᠡᠨ ᠤᠬᠠᠭᠠᠨ ᠢ ᠰᠦᠪᠡᠭᠴᠢᠯᠡᠬᠦ᠂ ᠮᠢᠩᠭ᠎ᠠ ᠬᠡᠯᠡᠵᠤ  ᠲᠦᠮᠨ ᠶᠠᠷᠢᠬᠤ᠂ ᠮᠢᠩᠭᠠᠨ ᠪᠠᠷᠳᠠᠭ᠎ᠠ ᠲᠦᠮᠡᠨ ᠪᠡᠷᠬᠡ ᠶᠢ ᠲᠤᠭᠤᠯᠬᠤ ᠶᠢ ᠬᠡᠯᠡᠵᠤ ᠪᠤᠢ᠃      12. ︽ᠨᠢᠭᠡ ᠬᠡᠷ᠎ᠡ ᠳᠥᠷᠪᠡᠨ ᠬᠤᠷᠠᠯ︾᠄ ︽ᠨᠢᠭᠡ ᠬᠡᠷ᠎ᠡ︾ ᠭᠡᠳᠡᠭ ᠨᠢ ᠲᠤᠰᠬᠤᠨ ᠤ ᠲᠦᠷᠢᠮ ᠠᠷᠠᠳ ᠤᠨ ᠭᠡᠷ᠎ᠡ ᠶᠢ ᠵᠢᠭᠠᠵᠤ ᠪᠠᠶᠢᠨ᠎ᠠ︔ ︽ᠳᠥᠷᠪᠡᠨ ᠬᠤᠷᠠᠯ︾ ᠭᠡᠳᠡᠭ ᠨᠢ ᠪᠠᠶᠠᠷ ᠨᠠᠶᠢᠷ ᠴᠠᠭᠠᠨ ᠤ ᠶᠠᠪᠤᠳᠠᠯ   ᠤᠨ ᠬᠡᠷᠡᠭ ᠡᠷᠬᠢᠯᠡᠭᠴᠢᠳ ᠤᠨ ᠬᠤᠷᠠᠯ᠂ ᠶᠣᠰᠣ ᠰᠤᠷᠳᠠᠬᠤᠨ ᠢ ᠵᠥᠪᠯᠡᠬᠦ ᠬᠤᠷᠠᠯ᠂ ᠭᠠᠴᠠᠭᠠᠨ ᠤ ᠠᠷᠠᠳ ᠤᠨ  ᠬᠡᠷᠡᠭ ᠵᠥᠪᠯᠡᠬᠦ ᠬᠤᠷᠠᠯ ᠪᠠ ᠬᠤᠣᠷᠲᠤ ᠡᠳ᠋ ᠢ ᠴᠠᠭᠠᠵᠠᠯᠠᠬᠤ ᠵᠣᠭᠤᠰ ᠨᠠᠭᠠᠳᠬᠤ ᠶᠢ ᠴᠠᠭᠠᠵᠠᠯᠠᠬᠤ ᠬᠤᠷᠠᠯ ᠢ ᠵᠢᠭᠠᠵᠤ ᠪᠠᠶᠢᠨ᠎ᠠ᠃     13. ︽ᠳᠣᠯᠤᠭ᠎ᠠ ᠶᠢ ᠲᠠᠶᠠᠭᠳᠠᠬᠤ︾᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ︽ᠪᠢ ᠬᠥᠮᠦᠨ ᠢ ᠬᠥᠷᠬᠦ ᠥᠬᠡᠶ︾ ᠭᠡᠬᠦ ᠪᠣᠳᠣᠯ᠂ ︽ᠬᠥᠭᠵᠢᠬᠦ ᠳᠤ ᠳᠡᠩᠳᠡᠭᠦᠦ ᠶᠠᠭᠠᠷᠠᠬᠤ ᠬᠡᠷᠡᠭ ᠥᠬᠡᠶ︾ ᠭᠡᠬᠦ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠥᠬᠡᠶ︾ ᠤᠬᠠᠮᠰᠠᠷ᠂ ︽ ᠪᠡᠯᠡᠨ ᠵᠣᠷ ᠥᠬᠡᠶ ᠪᠣᠯ ᠡᠮ ᠥᠭᠬᠦ ᠵᠣᠷᠢᠭ ᠥᠬᠡᠶ︾ ᠬᠢᠳᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠡᠲᠦ ᠶᠢ ᠬᠠᠷᠠᠬᠤ ᠥᠬᠡᠶ︾ ᠰᠡᠳᠬᠢᠬᠦᠶ᠂ ︽ᠨᠠᠷᠢᠨ ᠵᠦᠶᠯᠡᠰ ᠢ ᠡᠷᠬᠢᠮᠯᠡᠬᠦ ᠥᠬᠡᠶ᠂ ᠪᠠᠷᠤᠭ ᠶᠢ ᠨᠢ ᠦᠵᠡᠪᠡᠯ ᠪᠤᠯᠭᠠᠴᠢᠬᠠᠬᠤ︾ ᠤᠪᠤᠷ᠂ ︽ᠦᠶᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠵᠡᠷᠬᠡ ᠲᠤᠯᠤᠭ᠎ᠠ ᠶᠢ ᠲᠠᠶᠠᠬᠳᠠᠬᠤ ᠶᠢ ᠬᠡᠯᠡᠵᠤ ᠪᠤᠢ᠃      14 . ︽ᠲᠠᠪᠤᠨ ᠦᠭᠡᠢ︾᠄  ᠲᠤᠬᠠᠶᠢᠯᠠᠪᠠᠯ᠂ ᠮᠡᠳᠡᠬᠦ ᠦᠭᠡᠢ᠂ ᠰᠤᠷᠬᠤ ᠦᠭᠡᠢ᠂ ᠴᠢᠳᠠᠬᠤ ᠦᠭᠡᠢ᠂  ᠵᠤᠷᠢᠭ ᠦᠭᠡᠢ᠂ ᠬᠢᠬᠦ ᠦᠭᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号