ᠪᠤᠷᠬᠠᠨᠲᠤ ᠪᠠᠯᠭᠠᠰᠤᠨ ᠤ ︽ᠲᠠᠪᠤ ᠶᠢ ᠠᠬᠢᠭᠤᠯᠬᠤ ᠬᠠᠷᠠᠯᠲᠠ︾ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠬᠥᠭᠵᠢᠯᠲᠡ ᠶᠢ ᠬᠥᠲᠥᠯᠥᠨ ᠵᠢᠯᠤᠭᠤᠳᠪᠠ
ᠨᠡᠶᠢᠲᠡᠯᠡᠭᠰᠡᠨ ᠴᠠᠭ᠄
2024/2/24
    ᠨᠢᠭᠡ ᠳᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠲᠣᠭᠲᠠᠭᠤᠨ ᠤ ᠲᠤᠮᠳᠠ ᠠᠬᠢᠯᠲᠠ ᠲᠠᠢ ᠪᠤᠯᠪᠠ᠃ ᠬᠥᠨᠳᠡᠯᠡᠨ ᠲᠣᠭᠤᠷᠢᠭ ᠤᠨ ︽ᠨᠢᠭᠡ ᠭᠤᠤᠯᠯᠠᠬᠴᠢ ᠬᠤᠶᠠᠷ ᠬᠦᠷᠢᠶᠡᠯᠡᠩ᠂ ᠬᠤᠶᠠᠷ ᠬᠡᠯᠬᠢᠶ᠎ᠡ ᠳᠥᠷᠪᠡᠨ    ᠪᠦᠯᠦᠭᠵᠢᠯ︾ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠮᠠᠷᠠᠲᠤ ᠶᠢᠨ ᠬᠤᠪᠣᠷ ᠰᠢᠷᠣᠶ᠂ ᠯᠦᠩ ᠮᠠ ᠶᠢᠨ ᠭᠤᠷᠪᠠᠳᠤᠭᠠᠷ ᠬᠤᠭᠤᠴᠠᠭ᠎ᠠ᠂ ᠲᠦᠩ ᠸᠧᠶ ᠶᠢᠨ ᠭᠤᠷᠪᠠᠳᠤᠭᠠᠷ    ᠬᠤᠭᠤᠴᠠᠭ᠎ᠠ ᠶᠢᠨ ᠪᠦᠳᠦᠬᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠵᠢᠴᠢ ᠠᠵᠤ ᠦᠶᠯᠡᠰ ᠤᠨ ᠬᠦᠷᠢᠶᠡᠯᠡᠩ ᠤᠨ ᠬᠠᠩᠭᠠᠯᠭ᠎ᠠ ᠶᠢ ᠪᠠᠲᠤᠯᠠᠬᠤ ᠪᠥᠲᠥᠭᠡᠨ ᠪᠠᠶᠢᠭᠤᠯᠤᠯᠲᠠ ᠶᠢᠨ ᠲᠠᠲᠠᠪᠤᠷᠢᠯᠠᠨ ᠨᠤᠷᠠᠭᠠᠬᠤ ᠡᠭᠦᠷᠭᠡ ᠶᠢ ᠬᠤᠶᠢᠨ᠎ᠠ ᠬᠤᠶᠢᠨ᠎ᠠ ᠠᠴᠠ ᠨᠢ ᠪᠡᠶᠡᠯᠡᠭᠦᠯᠵᠦ᠂ 4300 ᠭᠠᠷᠤᠶ ᠮᠥ ᠭᠠᠵᠠᠷ ᠰᠢᠷᠣᠶ ᠬᠠᠩᠭᠠᠵᠠᠶ᠃ ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ᠂ ᠲᠣᠰᠬᠤᠨ ᠪᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ ᠵᠡᠷᠭᠡ ᠣᠯᠠᠨ ᠡᠰᠢᠵᠢᠭᠰᠡᠨ ᠬᠥᠭᠵᠢᠯᠲᠡ ᠶᠢᠨ ᠠᠷᠭ᠎ᠠ ᠵᠠᠮ ᠢ ᠪᠠᠷᠢᠮᠲᠠᠯᠠᠵᠤ᠂ ᠤᠷᠢᠳ ᠬᠤᠵᠢᠳ ᠲᠣᠰᠬᠤᠨ ᠪᠠ ᠬᠤᠷᠰᠢᠶ᠎ᠠ ᠬᠤᠯᠪᠣᠭᠠᠯᠠᠨ ᠪᠠᠶᠢᠭᠤᠯᠵᠤ ᠲᠠᠷᠢᠶᠠᠯᠠᠩ ᠢ ᠬᠥᠭᠵᠢᠭᠦᠯᠬᠦ᠂ ᠭᠠᠵᠠᠷ ᠰᠢᠷᠣᠶ ᠶᠢᠨ ᠡᠵᠡᠩᠨᠡᠬᠦ ᠡᠷᠬᠡ ᠶᠢ ᠰᠢᠯᠵᠢᠭᠦᠯᠬᠦ ᠶᠢ ᠠᠮᠢᠳᠤᠯᠢᠬᠵᠢᠭᠤᠯᠬᠤ ᠲᠤᠷᠰᠢᠯᠲᠠ ᠶᠢᠨ ᠴᠡᠭ ᠢ ᠬᠡᠷᠡᠭᠵᠢᠬᠦᠯᠬᠦ ᠵᠡᠷᠭᠡ ᠬᠥᠳᠡᠭᠡ ᠲᠣᠰᠬᠤᠨ ᠤ ︽ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ︾ ᠢ ᠠᠭᠤᠰᠤᠯᠴᠠᠭᠤᠯᠤᠨ ᠬᠥᠭᠵᠢᠭᠦᠯᠬᠦ ᠣᠯᠠᠨ ᠵᠦᠶᠯ ᠤᠨ ᠬᠢᠯᠠᠰ ᠴᠡᠭ ᠪᠤᠯᠤᠬᠰᠠᠨ ᠢᠨᠵᠧᠨᠧᠷᠢᠩ ᠢ ᠬᠡᠷᠡᠭᠵᠢᠬᠦᠯᠪᠡ᠃ ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠡᠳᠦᠷ ᠢᠷᠡᠬᠦᠶ᠎ᠡ ᠰᠠᠶᠢᠵᠢᠷᠠᠪᠠ᠃ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠤᠩᠬᠤᠪᠴᠢ ᠨᠡᠶᠢᠲᠡ 1153 ᠬᠤᠪᠢ ᠬᠡᠷᠡᠭ ᠶᠠᠪᠤᠳᠠᠯ ᠢ ᠰᠢᠢᠳᠪᠦᠷᠢᠯᠡᠪᠡ︔ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠵᠢᠴᠢ ︽12345︾ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤᠨ ᠤ ᠲᠤᠰᠤᠬᠰᠠᠨ 168 ᠬᠤᠪᠢ ᠬᠡᠷᠡᠭ ᠶᠠᠪᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 90% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠳᠡᠭᠡᠭᠰᠢᠯᠡᠪᠡ︔ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠳᠡ 6916 ᠡᠷᠦᠬᠡ ᠠᠵᠤ ᠠᠬᠤᠶᠢᠯᠠᠯ᠂  ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠳᠠᠩᠰᠠᠯᠠᠭᠰᠠᠨ ᠨᠣᠷᠮ᠎ᠠ 100.07% ᠲᠤ ᠬᠦᠷᠴᠡᠢ᠃ ᠳᠥᠷᠪᠡ ᠳᠤ᠂ ᠦᠨᠳᠦᠰᠦᠨ ᠱᠠᠲᠤᠨ ᠤ ᠵᠠᠰᠠᠯᠲᠠ ᠶᠢ ᠵᠡᠷᠭᠡᠪᠡᠷ ᠠᠬᠢᠭᠤᠯᠪᠡ᠃ ᠪᠥᠬᠦ ᠪᠠᠯᠭᠠᠰᠤᠨ ᠤ 11 ᠥᠷᠲᠡᠭᠡ ᠭᠠᠵᠠᠷ᠂ 18 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠤᠨ ᠳᠤᠮᠳᠠ ᠴᠢᠬᠤᠯᠠ ᠦᠶᠯᠡᠳᠦᠯ ᠦᠵᠡᠭᠦᠯᠪᠡ᠃ ᠲᠠᠪᠤ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠳᠦᠷ ᠢᠷᠡᠬᠦᠶ᠎ᠡ ᠨᠡᠮᠡᠭᠳᠡᠭᠦᠯᠪᠠ᠃ ᠭᠠᠴᠠᠭ᠎ᠠ ᠲᠣᠰᠬᠤᠨ ᠳᠤ ᠰᠢᠨ᠎ᠡ ᠪᠠᠷ ᠲᠤᠳᠤᠴᠠ ᠪᠠᠷ ᠥᠨᠳᠥᠷ 351 ᠰᠡᠬᠦᠳᠡᠷᠯᠡᠨ ᠰᠢᠩᠭᠡᠭᠡᠬᠦ ᠮᠠᠰᠢᠨ ᠢ ᠤᠬᠰᠠᠷᠠᠨ ᠲᠠᠭᠠᠷᠠᠭᠤᠯᠵᠤ᠂ 3 ᠵᠤᠷᠪᠤᠰ ᠲᠣᠰᠬᠤᠨ ᠤ ᠲᠡᠰ ᠤᠨ ᠵᠠᠮ ᠢ 1.1 ᠺᠢᠯᠦᠮᠧᠲᠷ ᠥᠷᠭᠡᠳᠬᠡᠵᠦ᠂ 4.5 ᠲᠡᠭᠰᠢ ᠲᠦᠷᠪᠡᠯᠵᠢᠨ ᠺᠢᠯᠦᠮᠧᠲᠷ ᠵᠠᠮ ᠢ ᠬᠠᠲᠠᠭᠤᠷᠠᠭᠤᠯᠪᠠ︔ ᠠᠰ ᠠᠰ ᠲᠤᠨᠢ ᠵᠥᠪᠯᠡᠬᠦ ᠱᠠᠩᠨᠠᠵᠤ ᠨᠥᠬᠦᠪᠥᠷᠢ ᠦᠭᠬᠦ ᠪᠡᠯᠡ ᠮᠥᠩᠭᠦ 100 ᠲᠦᠮᠡᠨ ᠲᠥᠭᠦᠷᠢᠭ ᠭᠤᠶᠤᠴᠢᠯᠠᠵᠤ ᠴᠠᠭᠠᠨ ᠬᠤᠳᠠ ᠳᠥᠷᠪᠡᠳᠦᠭᠡᠷ ᠲᠣᠰᠬᠤᠨ ᠤ ᠠᠮᠢᠳᠤᠷᠠᠯ ᠤᠨ ᠤᠤᠭᠤᠬᠤ ᠤᠰᠤ ᠶᠢ ᠬᠠᠩᠭᠠᠬᠤ ᠥᠭᠡᠷᠡᠴᠢᠯᠡᠯᠲᠡ ᠳᠤ ᠬᠡᠷᠡᠭᠯᠡᠪᠠ︔   ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ 607 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠥᠷᠭᠡᠳᠬᠡᠨ ᠪᠠᠶᠢᠭᠤᠯᠤᠬᠰᠠᠨ ᠪᠤᠶᠤ ᠥᠭᠡᠷᠡᠴᠢᠯᠡᠨ ᠪᠠᠶᠢᠭᠤᠯᠪᠠ᠃   ︵ᠪᠤᠷᠬᠠᠨᠲᠤ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号