ᠨᠠᠮ ᠤᠨ ᠲᠥᠪ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/2/26
       ᠣᠶᠢᠷ᠎ᠠ ᠳᠤ᠂ ᠨᠠᠮ ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ    ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠳᠦᠷᠢᠮ ᠢᠶᠠᠷ ᠦᠨᠳᠦᠰᠦᠨ ᠦᠨᠳᠦᠰᠦᠯᠡᠯ ᠪᠤᠯᠭᠠᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳ᠋ᠦᠩᠨᠡᠵᠦ᠂ ᠲᠣᠭᠤᠷᠢᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠲᠣᠭᠲᠠᠴᠠ᠂ ᠬᠠᠷᠢᠭᠤᠴᠠᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠬᠦ ᠨᠢ ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠤᠬᠠᠭᠤᠯᠤᠨ ᠲᠠᠶᠢᠯᠪᠤᠷᠢᠯᠠᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠠᠳᠬᠤᠵᠤ᠂ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠡᠭᠦᠷᠭᠡ ᠪᠤᠯᠭᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠵᠤ᠂ ᠣᠨᠣᠴᠠᠲᠠᠢ ᠪᠤᠯᠭᠠᠵᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠲᠠᠯ᠎ᠠ ᠪᠠᠷ ᠦᠨᠡᠨ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠣᠯᠬᠤ ᠶᠢ ᠡᠷᠬᠢᠮᠯᠡᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠶᠢᠨ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠴᠠᠭᠳᠠᠨ ᠪᠠᠶᠢᠴᠠᠭᠠᠬᠤ ᠶᠢ ᠳᠠᠭᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠬᠢᠨᠠᠯᠲᠠ ᠲᠠᠯᠪᠢᠬᠤ ᠲᠣᠣᠷ ᠢ ᠪᠠᠲᠤ ᠪᠠᠬᠢ ᠨᠢᠭᠲᠠ ᠰᠦᠯᠵᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠪᠠᠶᠢᠳᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ︽ᠳᠦᠷᠢᠮ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄                ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︵2015 ᠣᠨ ᠤ 6 ᠰᠠᠷ᠎ᠠ ᠶᠢᠨ 26 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠪᠡ 2015 ᠣᠨ ᠤ 8 ᠰᠠᠷ᠎ᠠ ᠶᠢᠨ 3 ᠤ ᠡᠳᠦᠷ ᠨᠠᠮ ᠤᠨ ᠲᠥᠪ ᠬᠤᠷᠢᠶ᠎ᠠ ᠨᠡᠶᠢᠲᠡᠯᠡᠪᠡ 2024 ᠣᠨ ᠤ 1 ᠰᠠᠷ᠎ᠠ ᠶᠢᠨ 31 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠶᠠᠷᠳᠠᠭᠢ ᠤᠳᠠᠭ᠎ᠠ ᠵᠠᠰᠠᠪᠤᠷᠢ ᠣᠷᠣᠭᠤᠯᠪᠠ 2024 ᠣᠨ ᠤ 2 ᠰᠠᠷ᠎ᠠ ᠶᠢᠨ 8 ᠤ ᠡᠳᠦᠷ ᠨᠠᠮ ᠤᠨ ᠲᠥᠪ ᠬᠤᠷᠢᠶ᠎ᠠ ᠨᠡᠶᠢᠲᠡᠯᠡᠪᠡ︶      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ ᠨᠠᠮ ᠤᠨ ᠲᠣᠭᠤᠷᠢᠨ ᠪᠠᠶᠢᠴᠠᠭᠠᠬᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ ᠦᠨᠳᠦᠰᠦᠯᠡᠵᠦ᠂ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠪᠣᠯ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠠᠯᠪᠢᠬᠤ ᠤᠯᠤᠰ ᠲᠦᠷᠦ ᠶᠢᠨ ᠬᠢᠨᠠᠯᠲᠠ ᠪᠣᠯᠣᠨ᠎ᠠ᠂ ᠦᠨᠳᠦᠰᠦᠨ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠠᠪᠤᠳᠠᠯ ᠪᠣᠯᠣᠨ᠎ᠠ᠃     ᠲᠣᠭᠤᠷᠢᠨ ᠪᠠᠶᠢᠴᠠᠭᠠᠬᠤ ᠠᠵᠢᠯ ᠳᠤ ᠠᠰᠠᠭᠤᠳᠠᠯ ᠢ ᠢᠯᠡᠷᠡᠭᠦᠯᠬᠦ᠂ ᠰᠦᠷ ᠬᠦᠴᠦᠲᠦ ᠪᠠᠶᠢᠳᠠᠯ ᠢ ᠪᠤᠢ ᠪᠤᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠴᠢᠭᠯᠡᠯᠲᠡ ᠶᠢ ᠪᠠᠷᠢᠮᠲᠠᠯᠠᠨ᠎ᠠ᠃      ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ    ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠳᠦᠷᠢᠮ ᠢ ᠡᠷᠬᠢᠮᠯᠡᠨ ᠳᠡᠭᠡᠳᠦᠯᠡᠵᠦ᠂ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠵᠤ᠂ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ    ᠠᠬᠢᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠶᠡᠭᠡ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠨ᠎ᠠ᠃       ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠳᠤ ᠳᠣᠣᠷᠠᠬᠢ ᠵᠠᠷᠴᠢᠮ ᠤᠳ ᠢ ᠵᠢᠷᠤᠮᠯᠠᠨ᠎ᠠ᠄      ︵ᠨᠢᠭᠡ︶ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠨ᠎ᠠ︔      ︵ᠬᠤᠶᠠᠷ︶ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔      ︵ᠭᠤᠷᠪᠠ︶ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠤᠯᠡᠠ ᠲᠦᠮᠡᠨᠴᠢ ᠱᠤᠭᠤᠮ ᠢ ᠲᠤᠭᠤᠰᠢᠯᠠᠭᠤᠯᠤᠨ᠎ᠠ︔      ︵ᠳᠥᠷᠪᠡ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ︔       ︵ᠲᠠᠪᠤ︶ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠨ᠎ᠠ᠃       ᠬᠤᠶᠠᠳᠤᠭᠠᠷ ᠪᠦᠯᠦᠭ  ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ       ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ ᠤᠨ ᠵᠣᠬᠢᠶᠠᠨ ᠪᠠᠶᠢᠭᠤᠯᠤᠯᠲᠠ ᠱᠠᠲᠤ ᠬᠤᠪᠢᠶᠠᠨ ᠬᠠᠷᠢᠭᠤᠴᠠᠬᠤ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠵᠢᠯᠴᠠᠬᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠳᠡᠮᠵᠢᠬᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠬᠤ᠂ ᠠᠷᠠᠳ ᠤᠯᠠᠨ ᠣᠷᠤᠯᠴᠠᠬᠤ ᠪᠠᠶᠢᠭᠤᠯᠤᠮᠵᠢ ᠲᠣᠭᠲᠠᠴᠠ ᠶᠢ ᠬᠡᠷᠡᠭᠵᠢᠭᠦᠯᠦᠨ᠎ᠡ᠃       ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠷᠢᠶ᠎ᠠ ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃      ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠠ ᠲᠥᠪ ᠠᠴᠠ ᠬᠠᠮᠢᠶᠠᠷᠬᠤ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ᠂ ᠵᠠᠷᠴᠢᠮ ᠳᠡᠭᠡᠷ᠎ᠡ ᠪᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠳᠣᠣᠷ᠎ᠠ ᠨᠢᠭᠡ ᠱᠠᠲᠤᠨ ᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠨ᠎ᠠ᠃      ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠶᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠪᠦᠭᠦ ᠲᠠᠯ᠎ᠠ ᠪᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠭᠠᠷᠳᠠᠴᠠ ᠪᠤᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠭᠤᠣᠯ ᠲᠤᠰᠢᠶᠠᠯ ᠬᠠᠷᠢᠭᠤᠴᠠᠯᠭ᠎ᠠ ᠪᠣᠯ᠄     ︵ᠨᠢᠭᠡ︶ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔     ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠵᠤ᠂ ᠡᠷᠬᠡ ᠶᠢᠨ ᠬᠡᠪᠴᠢᠶ᠎ᠡ ᠶᠣᠰᠣᠭᠠᠷ ᠲᠣᠭᠤᠷᠢᠨ ᠪᠠᠶᠢᠴᠠᠭᠠᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠬᠲᠠᠭᠠᠨ᠎ᠠ︔     ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ ᠬᠢᠨᠠᠨ ᠲᠣᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠪᠦᠭᠦᠨ ᠢ ᠪᠦᠷᠬᠦᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠤᠨ᠎ᠠ︔     ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔     ︵ᠲᠠᠪᠤ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ︔     ︵ᠵᠢᠷᠭᠤᠭ᠎ᠠ︶ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠭᠢᠭᠤᠯᠤᠨ᠎ᠠ︔      ︵ᠲᠤᠯᠤᠭ᠎ᠠ︶ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔      ︵ᠨᠠᠢᠮᠠ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠨ᠎ᠡ᠃      ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ ᠪᠥᠭᠡᠳ ᠠᠵᠢᠯ ᠢᠶᠠᠨ ᠬᠠᠷᠢᠭᠤ ᠮᠡᠳᠡᠭᠦᠯᠦᠨ᠎ᠡ᠃      ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠳᠦᠷ ᠳᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠱᠦᠵᠢ ᠡᠭᠦᠷᠭᠡᠯᠡᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠭᠦᠷᠭᠡᠯᠡᠨ᠎ᠡ᠃     ᠲᠥᠪ ᠤᠨ ᠬᠠᠮᠢᠶ᠎ᠠ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠱᠦᠵᠢ ︵ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠪᠠᠶᠢᠭᠤᠯᠤᠭᠰᠠᠨ ᠦᠭᠡᠢ ᠨᠢᠭᠡᠴᠢ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠᠭᠲᠠᠨ᠎ᠠ︶ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ ᠪᠦᠷᠢᠯᠳᠦᠭᠦᠨ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃      ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄     ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔     ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ ᠰᠤᠳᠤᠯᠤᠨ ᠳᠤᠷᠠᠳᠴᠤ᠂ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠵᠣᠬᠢᠶᠠᠨ ᠪᠠᠶᠢᠭᠤᠯᠤᠨ ᠭᠡᠷᠡᠭᠵᠢᠭᠦᠯᠦᠨ᠎ᠡ︔     ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔     ︵ᠳᠥᠷᠪᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠨ᠎ᠡ︔     ︵ᠲᠠᠪᠤ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ᠂ ᠵᠠᠷᠯᠠᠨ ᠮᠡᠳᠡᠭᠳᠡᠬᠦ ᠪᠠ ᠰᠢᠯᠵᠢᠭᠦᠯᠦᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠭᠢᠭᠤᠯᠤᠨ᠎ᠠ︔      ︵ᠵᠢᠷᠭᠤᠭ᠎ᠠ︶ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠵᠢᠯᠣᠭᠤᠳᠤᠨ᠎ᠠ︔      ︵ᠲᠤᠯᠤᠭ᠎ᠠ︶ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠭᠢᠭᠤᠯᠤᠨ᠎ᠠ︔      ︵ᠨᠠᠢᠮᠠ︶ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔      ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠰᠢᠢᠳᠪᠦᠷᠢᠯᠡᠨ᠎ᠡ᠃      ᠠᠷᠪᠠᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠬᠡᠷᠡᠭ ᠡᠷᠭᠢᠯᠡᠭᠦ ᠪᠠᠶᠢᠭᠤᠯᠤᠮᠵᠢ ᠮᠥᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠭᠠᠷᠭᠠᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠭᠡᠯᠡᠵᠦ᠂ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ    ᠭᠠᠷᠭᠠᠨ᠎ᠠ᠃      ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠤᠰᠠᠭᠠᠷ ᠪᠠᠶᠢᠭᠤᠯᠵᠤ ᠪᠣᠯᠣᠨ᠎ᠠ᠂ ᠪᠠᠰᠠ ᠳᠣᠲᠣᠭᠠᠳᠤ ᠪᠠᠶᠢᠭᠤᠯᠤᠮᠵᠢ ᠲᠠᠢ ᠪᠠᠨ ᠵᠠᠬᠢᠷᠭ᠎ᠠ ᠨᠡᠶᠢᠯᠡᠭᠦᠯᠦᠨ ᠠᠯᠪᠠᠯᠠᠵᠤ ᠪᠣᠯᠣᠨ᠎ᠠ᠂ ᠵᠣᠬᠢᠬᠤ ᠲᠤᠰᠬᠠᠢ ᠲᠤᠰᠢᠶᠠᠯ ᠤᠨ ᠠᠵᠢᠯᠲᠠᠨ ᠲᠣᠬᠢᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠡᠭᠦᠷᠭᠡᠯᠡᠨ᠎ᠡ᠃      ᠠᠷᠪᠠᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄     ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠣᠭᠲᠠᠭᠠᠯ ᠤᠨ ᠵᠦᠢᠯᠡᠰ ᠢ ᠱᠠᠯᠠᠪᠳᠠᠭᠤᠯᠤᠨ ᠰᠢᠢᠳᠪᠦᠷᠢᠯᠡᠨ᠎ᠡ︔      ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ ᠪᠣᠯᠣᠨ ᠴᠢᠬᠤᠯᠠ ᠵᠦᠢᠯᠡᠰ ᠢ ᠬᠠᠷᠢᠭᠤ ᠮᠡᠳᠡᠭᠦᠯᠦᠨ᠎ᠡ︔      ︵ᠭᠤᠷᠪᠠ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠤᠭᠤᠳᠴᠤ᠂ ᠪᠠᠲᠤᠯᠠᠨ᠎ᠠ︔      ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶᠢᠯᠠᠨ ᠬᠠᠷᠢᠭᠤ ᠮᠡᠳᠡᠭᠦᠯᠬᠦ ᠶᠢ ᠬᠠᠷᠢᠭᠤᠴᠠᠨ᠎ᠠ︔      ︵ᠲᠠᠪᠤ︶ ᠳᠣᠣᠷᠠᠳᠤ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠤ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔     ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ᠂ ᠳᠡᠮᠵᠢᠯᠭᠡ ᠦᠵᠡᠭᠦᠯᠭᠦ ᠶᠢ ᠬᠠᠷᠢᠭᠤᠴᠠᠨ ᠵᠣᠬᠢᠴᠠᠭᠤᠯᠵᠤ᠂ ᠲᠣᠭᠤᠷᠢᠨ ᠪᠠᠶᠢᠴᠠᠭᠠᠬᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠣᠳᠠᠲᠠᠢ ᠲᠣᠭᠲᠠᠴᠠ ᠶᠢ ᠪᠠᠶᠢᠭᠤᠯᠬᠤ ᠶᠢ ᠠᠭᠢᠭᠤᠯᠤᠨ᠎ᠠ︔      ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠣᠨᠣᠯ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ᠂ ᠳᠦᠷᠢᠮ ᠤᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔      ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠭᠤᠷᠢᠨ ᠪᠠᠶᠢᠴᠠᠭᠠᠬᠤ ᠺᠠᠳ᠋ᠷ ᠢ ᠬᠥᠮᠥᠵᠢᠭᠦᠯᠬᠦ᠂ ᠪᠤᠯᠪᠠᠰᠤᠷᠠᠭᠤᠯᠬᠤ᠂ ᠬᠢᠨᠠᠨ ᠰᠢᠯᠭᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ︔     ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔      ︵ᠠᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠭᠦᠢᠴᠡᠳᠬᠡᠨ᠎ᠡ᠃      ᠠᠷᠪᠠᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠎ᠠ᠃       ᠲᠣᠭᠤᠷᠢᠨ ᠪᠠᠶᠢᠴᠠᠭᠠᠬᠤ ᠳᠤᠭᠤᠶᠢᠯᠠᠩ ᠳᠤ ᠲᠣᠰ ᠲᠣᠰ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ᠂ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠪᠠ ᠪᠤᠰᠤᠳ ᠲᠤᠰᠢᠶᠠᠯ ᠤᠨ ᠪᠠᠶᠢᠷᠢ ᠭᠠᠷᠭᠠᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠪᠣᠳᠠᠲᠠᠢ ᠵᠢᠱᠢᠭᠳᠡᠭᠴᠢ ᠶᠢ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠡᠷᠬᠡ ᠣᠯᠭᠤᠨ᠎ᠠ᠃      ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠶᠣᠰᠣᠭᠠᠷ ᠴᠢᠬᠤᠯᠠ ᠶᠡᠭᠡ ᠵᠦᠢᠯᠡᠰ ᠢ ᠰᠤᠳᠤᠯᠤᠨ ᠶᠠᠷᠢᠯᠴᠠᠵᠤ ᠲᠣᠭᠲᠠᠭᠠᠬᠤ ᠬᠡᠷᠡᠭᠲᠡᠢ᠃ ᠳᠤᠭᠤᠶᠢᠯᠠᠩ ᠤᠨ ᠳᠠᠷᠤᠭ᠎ᠠ ᠨᠢ ᠲᠤᠰ ᠳᠤᠭᠤᠶᠢᠯᠠᠩ ᠤᠨ ᠢᠶᠠᠨ ᠠᠵᠢᠯ ᠢ ᠪᠦᠭᠦ ᠲᠠᠯ᠎ᠠ ᠪᠠᠷ ᠬᠠᠷᠢᠭᠤᠴᠠᠵᠤ᠂ ᠳᠤᠭᠤᠶᠢᠯᠠᠩ ᠤᠨ ᠳᠡᠳ᠋ ᠳᠠᠷᠤᠭ᠎ᠠ ᠨᠢ ᠳᠤᠭᠤᠶᠢᠯᠠᠩ ᠤᠨ ᠳᠠᠷᠤᠭ᠎ᠠ ᠪᠠᠨ ᠬᠠᠮᠵᠢᠯᠴᠠᠨ ᠠᠵᠢᠯ ᠥᠷᠨᠢᠭᠦᠯᠦᠨ᠎ᠡ᠃       ᠠᠷᠪᠠᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ    ᠪᠣᠯ᠄      ︵ᠨᠢᠭᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ︔      ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠤᠨ᠎ᠠ︔      ︵ᠭᠤᠷᠪᠠ︶ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ ᠳᠤ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠣᠯᠣᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠳᠤ ᠣᠷᠣᠯᠴᠠᠨ᠎ᠠ︔      ︵ᠳᠥᠷᠪᠡ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠺᠠᠳ᠋ᠷᠴᠤᠳ ᠲᠤ ᠡᠳᠦᠷ ᠳᠤᠳᠤᠮ ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔      ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠭᠦᠢᠴᠡᠳᠬᠡᠨ᠎ᠡ᠃     ᠠᠷᠪᠠᠨ ᠳᠥᠷᠪᠡᠳᠦᠭᠡᠷ ᠵᠦᠢᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠭᠤᠷᠢᠨ ᠪᠠᠶᠢᠴᠠᠭᠠᠬᠤ ᠠᠵᠢᠯ ᠢ ᠳᠡᠮᠵᠢᠵᠦ᠂ ᠠᠵᠢᠯᠲᠠᠨ ᠢ ᠰᠣᠩᠭᠤᠨ ᠲᠣᠮᠢᠯᠠᠬᠤ᠂ ᠪᠠᠶᠢᠳᠠᠯ ᠢ ᠮᠡᠳᠡᠭᠳᠡᠬᠦ᠂ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠰᠠᠭᠤᠳᠠᠯ ᠢ ᠰᠤᠳᠤᠯᠤᠨ ᠮᠠᠭᠠᠳᠯᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠬᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃     ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃     ᠠᠷᠪᠠᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠬᠤ ᠬᠢᠨᠠᠯᠲᠠ ᠶᠢ ᠬᠦᠯᠢᠶᠡᠵᠦ᠂ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃      ᠨᠠᠮ ᠤᠨ ᠭᠡᠰᠢᠭᠦᠨ᠂ ᠺᠠᠳ᠋ᠷᠴᠤᠳ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ ᠮᠥᠨ ᠢᠶᠠᠷ ᠨᠢ ᠲᠤᠰᠬᠠᠬᠤ ᠡᠭᠦᠷᠭᠡ ᠲᠠᠢ᠃     ᠭᠤᠷᠪᠠᠳᠤᠭᠠᠷ ᠪᠦᠯᠦᠭ  ᠲᠣᠭᠤᠷᠢᠨ ᠪᠠᠶᠢᠴᠠᠭᠠᠬᠤ ᠡᠲᠡᠭᠡᠳ ᠪᠠ ᠠᠭᠤᠯᠭ᠎ᠠ      ᠠᠷᠪᠠᠨ ᠵᠢᠷᠭᠤᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠡᠲᠡᠭᠡᠳ ᠪᠣᠯ᠄      ︵ᠨᠢᠭᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠵᠢᠴᠢ ᠲᠡᠭᠦᠨ ᠤ ᠤᠳᠤᠷᠢᠳᠬᠤ ᠪᠠᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠂ ᠳᠡᠳ᠋ ᠮᠤᠵᠢ ᠶᠢᠨ ᠱᠠᠲᠤᠨ ᠤ ᠬᠤᠳᠠ ᠶᠢᠨ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ︔       ︵ᠬᠤᠶᠠᠷ︶ ᠲᠥᠪ ᠤᠨ ᠶᠠᠮᠤᠨ ᠵᠥᠪᠯᠡᠯ ᠤᠨ ᠤᠳᠤᠷᠢᠳᠬᠤ ᠪᠠᠭ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔      ︵ᠭᠤᠷᠪᠠ︶ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠥᠪ ᠠᠴᠠ ᠬᠠᠮᠢᠶᠠᠷᠴᠤ ᠪᠠᠶᠢᠭ᠎ᠠ ᠪᠤᠰᠤᠳ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶︔       ︵ᠳᠥᠷᠪᠡ︶ ᠨᠠᠮ ᠤᠨ ᠲᠥᠪ ᠬᠤᠷᠢᠶ᠎ᠠ ᠠᠴᠠ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃       ᠠᠷᠪᠠᠨ ᠳᠣᠯᠣᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠡᠲᠡᠭᠡᠳ ᠪᠣᠯ᠄       ︵ᠨᠢᠭᠡ︶ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠵᠢᠴᠢ ᠲᠡᠭᠦᠨ ᠤ ᠤᠳᠤᠷᠢᠳᠬᠤ ᠪᠠᠭ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ    ᠬᠤᠷᠢᠶ᠎ᠠ ᠪᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ︔       ︵ᠬᠤᠶᠠᠷ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠮᠤᠵᠢ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔       ︵ᠭᠤᠷᠪᠠ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶︔       ︵ᠳᠥᠷᠪᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃      ᠠᠷᠪᠠᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠳᠣᠣᠷᠠᠬᠢ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠄     ︵ᠨᠢᠭᠡ︶ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠪᠠᠶᠢᠳᠠᠯ᠂ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔     ︵ᠬᠤᠶᠠᠷ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠭᠰᠠᠨ ᠪᠠᠶᠢᠳᠠᠯ᠂ ᠤᠳᠤᠷᠢᠳᠬᠤ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠭᠰᠡᠨ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ ᠪᠠᠶᠢᠳᠠᠯ︔     ︵ᠭᠤᠷᠪᠠ︶ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ ᠪᠠᠭ ᠪᠠ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔      ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠵᠢᠴᠢ ᠬᠢᠨᠠᠨ ᠪᠤᠳᠤᠬᠤ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠪᠤᠰᠤᠳ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ    ᠪᠠᠶᠢᠳᠠᠯ︔      ︵ᠲᠠᠪᠤ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠢᠯᠠᠭᠠᠬᠤ ᠪᠠᠷ ᠱᠠᠭᠠᠷᠳᠠᠭᠰᠠᠨ ᠪᠤᠰᠤᠳ ᠪᠠᠶᠢᠳᠠᠯ᠃      ᠠᠷᠪᠠ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠡᠭᠦᠨ ᠤ ᠨᠠᠮ ᠳᠠᠭᠠᠨ ᠦᠨᠡᠨᠴᠢ ᠰᠢᠳᠤᠷᠭᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ ᠬᠡᠷᠡᠭᠯᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠰᠬᠠᠭᠰᠠᠨ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠵᠤ᠂ ᠲᠤᠰᠬᠠᠢ ᠰᠡᠳᠦᠪᠲᠦ ᠮᠠᠲ᠋ᠧᠷᠢᠶᠠᠯ ᠢ ᠪᠦᠷᠢᠯᠳᠦᠭᠦᠯᠬᠦ ᠬᠡᠷᠡᠭᠲᠡᠢ᠃       ᠬᠤᠷᠢᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠵᠤᠷᠰᠢᠯᠲᠤ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ    ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ᠂ ︽ᠡᠷᠭᠢᠨ ᠬᠠᠷᠠᠬᠤ︾ ᠵᠡᠷᠭᠡ ᠠᠷᠭ᠎ᠠ ᠭᠡᠯᠪᠡᠷᠢ ᠪᠠᠷ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠴᠢᠬᠤᠯᠠᠲᠠᠢ ᠦᠶ᠎ᠡ ᠳᠤ ᠲᠡᠰ ᠳᠡᠪᠰᠢᠭᠦᠯᠵᠦ ᠲᠣᠭᠤᠷᠢᠨ ᠪᠠᠶᠢᠴᠠᠭᠠᠵᠤ ᠪᠣᠯᠣᠨ᠎ᠠ᠃       ᠳᠥᠷᠪᠡᠳᠦᠭᠡᠷ ᠪᠦᠯᠦᠭ  ᠠᠵᠢᠯ ᠤᠨ ᠳᠡᠰ ᠳᠠᠷᠠᠭᠠᠯᠠᠯ᠂ ᠠᠷᠭ᠎ᠠ ᠭᠡᠯᠪᠡᠷᠢ ᠪᠠ ᠡᠷᠬᠡ ᠮᠡᠳᠡᠯ ᠤᠨ ᠬᠡᠪᠴᠢᠶ᠎ᠡ       ᠬᠤᠷᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠠᠴᠠ ᠡᠮᠦᠨ᠎ᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ    ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠶᠢᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠬᠤᠯᠪᠣᠭᠳᠠᠯ ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠬᠡᠷᠡᠭᠲᠡᠢ᠃     ᠬᠤᠷᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠤ ᠲᠠᠷᠠᠭ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠡᠭᠦᠷᠭᠡ ᠪᠠᠨ ᠮᠡᠳᠡᠭᠳᠡᠵᠦ᠂ ᠲᠣᠭᠲᠠᠭᠰᠠᠨ ᠠᠵᠢᠯ ᠤᠨ ᠠᠷᠭ᠎ᠠ ᠭᠡᠯᠪᠡᠷᠢ ᠪᠣᠯᠣᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠤᠷᠢᠨ ᠪᠠᠶᠢᠴᠠᠭᠠᠵᠤ ᠣᠶᠢᠯᠠᠭᠠᠬᠤ ᠠᠵᠢᠯ ᠥᠷᠨᠢᠭᠦᠯᠬᠦ ᠬᠡᠷᠡᠭᠲᠡᠢ᠃      ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠲᠤᠰᠬᠠᠭᠰᠠᠨ ᠴᠢᠬᠤᠯᠠ ᠠᠰᠠᠭᠤᠳᠠᠯ ᠪᠠ ᠠᠰᠠᠭᠤᠳᠠᠯ ᠤᠨ ᠰᠦᠪᠡᠭᠴᠢ ᠶᠢ ᠭᠦᠨᠵᠡᠭᠡᠢ ᠣᠶᠢᠯᠠᠭᠠᠬᠤ ᠬᠡᠷᠡᠭᠲᠡᠢ᠃       ᠬᠤᠷᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠳᠣᠣᠷᠠᠬᠢ ᠠᠷᠭ᠎ᠠ ᠭᠡᠯᠪᠡᠷᠢ ᠪᠠᠷ ᠪᠠᠶᠢᠳᠠᠯ ᠢ ᠣᠶᠢᠯᠠᠭᠠᠨ᠎ᠠ᠄      ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠪᠠ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠬᠤ︔      ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠪᠤᠰᠤᠳ ᠺᠠᠳ᠋ᠷ ᠤᠯᠠᠨ ᠲᠦᠮᠡᠨ ᠲᠠᠢ ᠲᠤᠰᠬᠠᠢ ᠶᠠᠷᠢᠯᠴᠠᠬᠤ︔      ︵ᠭᠤᠷᠪᠠ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠪᠠ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠯ ᠵᠡᠷᠭᠡ ᠶᠢ ᠭᠥᠯᠢᠶᠡᠨ ᠠᠪᠴᠤ ᠰᠢᠢᠳᠪᠦᠷᠢᠯᠡᠭᠦ︔      ︵ᠳᠥᠷᠪᠡ︶ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠦᠭᠰᠡᠨ ᠪᠠᠶᠢᠳᠠᠯ ᠢ ᠰᠣᠩᠭᠤᠨ ᠪᠠᠶᠢᠴᠠᠭᠠᠵᠤ ᠬᠢᠨᠠᠨ ᠬᠠᠷᠭᠤᠭᠤᠯᠬᠤ︔      ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠮᠡᠳᠡᠬᠦ ᠬᠥᠮᠥᠨ ᠠᠴᠠ ᠪᠠᠶᠢᠳᠠᠯ ᠢ ᠯᠠᠪᠯᠠᠨ ᠠᠰᠠᠭᠤᠬᠤ︔      ︵ᠵᠢᠷᠭᠤᠭ᠎ᠠ︶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ ᠮᠠᠲ᠋ᠧᠷᠢᠶᠠᠯ ᠢ ᠰᠢᠯᠵᠢᠭᠦᠯᠦᠨ ᠦᠵᠡᠬᠦ᠂ ᠪᠠᠭᠤᠯᠭᠠᠬᠤ︔      ︵ᠲᠤᠯᠤᠭ᠎ᠠ︶ ᠶᠠᠷᠢᠯᠴᠠᠬᠤ ᠬᠤᠷᠠᠯ ᠬᠤᠷᠠᠯᠳᠤᠭᠤᠯᠬᠤ︔      ︵ᠨᠠᠢᠮᠠ︶ ᠬᠤᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠬᠤ︔      ︵ᠶᠢᠰᠦ︶ ᠠᠷᠠᠳᠴᠢᠯᠠᠯ ᠢᠶᠠᠷ ᠰᠢᠯᠭᠠᠨ ᠦᠨᠡᠯᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠭᠢᠭᠦ︔      ︵ᠠᠷᠪᠠ︶ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ︔      ︵ᠠᠷᠪᠠᠨ ᠨᠢᠭᠡ︶ ᠲᠤᠰᠬᠠᠢ ᠪᠠᠶᠢᠴᠠᠭᠠᠯᠲᠠ ᠥᠷᠨᠢᠭᠦᠯᠭᠦ︔      ︵ᠠᠷᠪᠠᠨ ᠬᠤᠶᠠᠷ︶ ᠬᠤᠯᠪᠣᠭᠳᠠᠯ ᠪᠦᠬᠦᠢ ᠨᠢᠭᠡᠴᠢ ᠳᠤ ᠬᠠᠮᠵᠢᠯᠴᠠᠭᠤᠯᠬᠤ ᠪᠠᠷ ᠳᠤᠷᠠᠳᠤᠨ ᠳᠡᠪᠰᠢᠭᠦᠯᠭᠦ︔      ︵ᠠᠷᠪᠠᠨ ᠭᠤᠷᠪᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠭᠰᠡᠨ ᠪᠤᠰᠤᠳ ᠠᠷᠭ᠎ᠠ ᠭᠡᠯᠪᠡᠷᠢ᠃     ᠬᠤᠷᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠪᠠᠶᠢᠳᠠᠯ ᠪᠣᠯᠣᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃      ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠠᠵᠢᠯ ᠢᠶᠠᠨ ᠥᠷᠨᠢᠭᠦᠯᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠪ ᠤᠨ ᠠᠵᠢᠯ ᠳᠤ ᠭᠠᠷ ᠲᠦᠷᠦᠭᠦ ᠦᠭᠡᠢ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠦᠭᠡᠢ᠃      ᠬᠤᠷᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ᠂ ᠳᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠡᠳᠲᠡ ᠵᠥᠷᠢᠴᠡᠭᠰᠡᠨ ᠪᠥᠭᠡᠳ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠵᠤ᠂ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠵᠠᠯᠠᠷᠠᠭᠤᠯᠬᠤ ᠶᠢ ᠱᠠᠯᠠᠪᠳᠠᠭᠤᠯᠬᠤ ᠬᠡᠷᠡᠭᠲᠡᠢ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠯ ᠲᠥᠪᠯᠡᠷᠡᠭᠰᠡᠨ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠴᠠᠭ ᠲᠤᠬᠠᠢ ᠳᠤᠨᠢ ᠰᠢᠢᠳᠪᠦᠷᠢᠯᠡᠭᠦᠯᠵᠦ ᠪᠣᠯᠣᠨ᠎ᠠ᠃     ᠬᠤᠷᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠣᠶᠢᠯᠠᠭᠠᠭᠰᠠᠨ ᠴᠢᠬᠤᠯᠠ ᠪᠠᠶᠢᠳᠠᠯ ᠪᠣᠯᠣᠨ ᠠᠰᠠᠭᠤᠳᠠᠯ ᠳᠤ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠪᠦᠷᠢᠯᠳᠦᠭᠦᠯᠬᠦ ᠭᠡᠷᠡᠭᠲᠡᠢ︔ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠤᠰᠬᠠᠢ ᠰᠡᠳᠦᠪᠲᠦ ᠮᠡᠳᠡᠭᠦᠯᠦᠯᠲᠡ ᠪᠦᠷᠢᠯᠳᠦᠭᠦᠯᠵᠦ ᠪᠣᠯᠣᠨ᠎ᠠ᠃      ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠲᠤᠰᠬᠠᠢ ᠰᠡᠳᠦᠪᠲᠦ ᠮᠡᠳᠡᠭᠦᠯᠦᠯᠲᠡ ᠵᠡᠷᠭᠡ ᠳᠤ ᠲᠤᠰᠬᠠᠭᠰᠠᠨ ᠠᠰᠠᠭᠤᠳᠠᠯ ᠳᠤ ᠡᠬᠡ ᠨᠣᠣᠷᠠᠭ ᠪᠢᠴᠢᠬᠦ ᠬᠡᠷᠡᠭᠲᠡᠢ᠃      ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ ᠠᠰᠠᠭᠤᠳᠠᠯ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠠᠢ ᠣᠯᠣᠯᠴᠠᠵᠤ᠂ ᠰᠠᠨᠠᠯ ᠢ ᠨᠢ ᠰᠣᠨᠣᠰᠬᠤ ᠭᠡᠷᠡᠭᠲᠡᠢ︔ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠠᠢ ᠣᠯᠣᠯᠴᠠᠵᠤ᠂ ᠰᠠᠨᠠᠯ ᠢ ᠨᠢ ᠰᠣᠨᠣᠰᠴᠤ ᠪᠣᠯᠣᠨ᠎ᠠ᠃     ᠬᠤᠷᠢᠨ ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠰᠠᠨᠠᠯ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠵᠦᠢᠯ ᠢ ᠰᠤᠳᠤᠯᠤᠨ ᠲᠣᠭᠲᠠᠭᠠᠬᠤ ᠬᠡᠷᠡᠭᠲᠡᠢ᠃ ᠴᠢᠬᠤᠯᠠᠲᠠᠢ ᠦᠶ᠎ᠡ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠢᠭᠤᠳ ᠰᠣᠨᠣᠰᠴᠤ ᠪᠣᠯᠣᠨ᠎ᠠ᠃     ᠬᠤᠷᠢ ᠶᠢᠰᠦᠳᠦᠭᠡᠷ ᠵᠦᠢᠯ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠲᠤᠰ ᠲᠤᠰ ᠬᠠᠷᠢᠭᠤ ᠲᠤᠰᠬᠠᠵᠤ᠂ ᠠᠰᠠᠭᠤᠳᠠᠯ ᠢ ᠵᠢᠭᠠᠨ ᠭᠠᠷᠭᠠᠵᠤ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠬᠡᠷᠡᠭᠲᠡᠢ᠃     ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠭᠤᠷᠢᠨ ᠪᠠᠶᠢᠴᠠᠭᠠᠭᠰᠠᠨ ᠬᠤᠯᠪᠣᠭᠳᠠᠯ ᠪᠦᠬᠦᠢ ᠪᠠᠶᠢᠳᠠᠯ ᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠲᠡᠭᠦᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠳᠡᠨ᠎ᠡ᠃      ᠭᠤᠴᠢᠳᠤᠭᠠᠷ ᠵᠦᠢᠯ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ ᠪᠠᠶᠢᠴᠠᠭᠠᠬᠤ ᠳᠤᠭᠤᠶᠢᠯᠠᠩ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠪᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠳᠡᠰ ᠳᠠᠷᠠᠭᠠᠯᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠳᠤ ᠲᠤᠰ ᠲᠤᠰ ᠰᠢᠯᠵᠢᠭᠦᠯᠦᠨ ᠲᠤᠰᠢᠶᠠᠨ᠎ᠠ᠃      ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠣᠯᠣᠨ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠣᠭᠤᠷᠢᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠪᠤᠶᠤ ᠪᠤᠰᠤᠳ ᠵᠣᠬᠢᠰᠲᠠᠢ ᠠᠷᠭ᠎ᠠ ᠭᠡᠯᠪᠡᠷᠢ ᠶᠢ ᠠᠪᠴᠤ᠂ ᠬᠤᠯᠪᠣᠭᠳᠠᠯ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠳᠦᠷᠢᠮ ᠢ ᠪᠦᠷᠢᠨᠰᠢᠭᠦᠯᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃      ᠭᠤᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ ᠵᠣᠬᠢᠰᠲᠠᠢ ᠠᠷᠭ᠎ᠠ ᠭᠡᠯᠪᠡᠷᠢ ᠪᠠᠷ ᠢᠯᠡ ᠪᠤᠯᠭᠠᠵᠤ᠂ ᠨᠠᠮ ᠤᠨ ᠭᠡᠰᠢᠭᠦᠨ᠂ ᠺᠠᠳ᠋ᠷ ᠪᠣᠯᠣᠨ ᠠᠷᠠᠳ ᠤᠯᠠᠨ ᠤ ᠬᠢᠨᠠᠯᠲᠠ ᠶᠢ ᠬᠦᠯᠢᠶᠡᠬᠦ ᠬᠡᠷᠡᠭᠲᠡᠢ᠃       ᠲᠠᠪᠤᠳᠤᠭᠠᠷ ᠪᠦᠯᠦᠭ  ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ       ᠭᠤᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠬᠤ    ᠬᠡᠷᠡᠭᠲᠡᠢ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠵᠤ᠂ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠬᠤ    ᠬᠡᠷᠡᠭᠲᠡᠢ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠡᠷᠡᠭᠲᠡᠢ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠤᠯᠭᠠᠯᠴᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠣᠯᠣᠭᠰᠠᠨ ᠡᠳᠦᠷ ᠠᠴᠠ ᠡᠬᠢᠯᠡᠨ᠂ 6 ᠰᠠᠷ᠎ᠠ ᠶᠢᠨ ᠬᠤᠭᠤᠴᠠᠭ᠎ᠠ ᠲᠠᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠄      ︵ᠨᠢᠭᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠎ᠠ︔     ︵ᠬᠤᠶᠠᠷ︶ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠨ᠎ᠠ︔     ︵ᠭᠤᠷᠪᠠ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠨ᠎ᠠ︔      ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠵᠢᠴᠢ ᠣᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠠᠷᠢᠨ ᠬᠢᠨᠠᠮᠠᠭᠠᠢ ᠰᠢᠶ᠋ᠳᠪᠦᠷᠢᠯᠡᠨ᠎ᠡ︔      ︵ᠲᠠᠪᠤ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠳᠦᠷᠢᠮ ᠢ ᠪᠦᠷᠢᠨᠰᠢᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠠᠯᠳᠠᠰᠢ ᠭᠠᠷᠬᠤ ᠶᠢ ᠬᠤᠷᠢᠬᠯᠠᠨ᠎ᠠ︔       ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃      ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠠᠬᠠᠨ ᠰᠢᠢᠳᠪᠦᠷᠢᠯᠡᠭᠡᠳᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠨᠢ ᠮᠡᠳᠡᠭᠦᠯᠬᠦ ᠬᠡᠷᠡᠭᠲᠡᠢ᠃      ᠭᠤᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤ ᠪᠦᠭᠦ ᠲᠠᠯ᠎ᠠ ᠪᠠᠷ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠨ᠎ᠠ︔      ︵ᠬᠤᠶᠠᠷ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠡᠬᠡ ᠲᠠᠩᠰᠠ ᠪᠠᠶᠢᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠬᠢᠭᠤᠯᠬᠤ ᠬᠤᠷᠠᠯ ᠬᠤᠷᠠᠯᠳᠤᠭᠤᠯᠬᠤ᠂ ᠲᠤᠰᠬᠠᠢ ᠰᠡᠳᠦᠪ ᠢᠶᠠᠷ ᠵᠥᠪᠳᠡᠯᠴᠡᠬᠦ᠂ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ᠂ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠬᠦ᠂ ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠯᠲᠡ ᠥᠷᠨᠢᠭᠦᠯᠬᠦ᠂ ᠶᠠᠷᠢᠯᠴᠠᠨ ᠰᠠᠨᠠᠭᠤᠯᠬᠤ᠂ ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠨ᠎ᠠ︔      ︵ᠭᠤᠷᠪᠠ︶ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠠᠵᠢᠯ ᠥᠷᠨᠢᠭᠦᠯᠬᠦ ᠶᠢ ᠱᠠᠯᠠᠪᠳᠠᠭᠤᠯᠤᠨ ᠠᠭᠢᠭᠤᠯᠤᠨ᠎ᠠ︔      ︵ᠳᠥᠷᠪᠡ︶ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠣᠯᠣᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ︔      ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠬᠢᠨᠠᠨ ᠬᠠᠷᠭᠤᠭᠤᠯᠤᠨ᠎ᠠ︔      ︵ᠵᠢᠷᠭᠤᠭ᠎ᠠ︶ ᠲᠣᠮᠢᠯᠠᠨ ᠰᠠᠭᠤᠯᠭᠠᠭᠰᠠᠨ ︵ᠲᠣᠮᠢᠯᠠᠭᠰᠠᠨ︶ ᠪᠠᠶᠢᠭᠤᠯᠤᠮᠵᠢ ᠪᠠ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠯᠣᠭᠤᠳᠤᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔      ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃      ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠳᠦᠷ ᠲᠤᠳᠤᠮ ᠤᠨ ᠬᠢᠨᠠᠯᠲᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠪᠠᠯ ᠵᠣᠬᠢᠨ᠎ᠠ᠃      ᠭᠤᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠳᠤ ᠣᠷᠣᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠨ᠎ᠠ︔     ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠳᠦᠷ ᠳᠤᠳᠤᠮ ᠤᠨ ᠬᠢᠨᠠᠯᠲᠠ ᠶᠢ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔     ︵ᠭᠤᠷᠪᠠ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠤᠨ ᠪᠠᠶᠢᠭᠤᠯᠤᠯᠲᠠ ᠪᠣᠯᠣᠨ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠶᠢᠨ ᠴᠢᠬᠤᠯᠠ ᠯᠠᠪᠯᠠᠯᠲᠠ ᠪᠤᠯᠭᠠᠨ᠎ᠠ︔      ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠤᠳᠤᠷᠢᠳᠬᠤ ᠪᠠᠭ ᠤᠨ ᠪᠠᠶᠢᠭᠤᠯᠤᠯᠲᠠ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ᠺᠠᠳ᠋ᠷ ᠢ ᠰᠣᠩᠭᠤᠨ ᠳᠡᠪᠰᠢᠭᠦᠯᠵᠦ ᠬᠡᠷᠡᠭᠯᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠡᠷᠭᠡ ᠲᠠᠯ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠢ ᠣᠯᠣᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠬᠠᠷᠢᠭᠤ ᠲᠤᠰᠬᠠᠨ᠎ᠠ︔     ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠳᠠᠬᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠲᠠᠯ᠎ᠠ ᠳᠤ ᠬᠤᠯᠪᠣᠭᠳᠠᠭᠰᠠᠨ ᠠᠭᠤᠯᠭ᠎ᠠ ᠶᠢ ᠬᠢᠨᠠᠨ ᠬᠠᠷᠭᠤᠭᠤᠯᠤᠨ᠎ᠠ︔     ︵ᠵᠢᠷᠭᠤᠭ᠎ᠠ︶ ᠳᠣᠣᠷᠠᠳᠤ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠭᠠᠳ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔      ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃      ᠭᠤᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠡᠷᠡᠭᠯᠡᠵᠦ᠂ ᠲᠣᠭᠤᠷᠢᠨ ᠪᠠᠶᠢᠴᠠᠭᠠᠵᠤ ᠵᠠᠷᠯᠠᠨ ᠮᠡᠳᠡᠭᠳᠡᠭᠰᠡᠨ ᠠᠰᠠᠭᠤᠳᠠᠯ ᠪᠠ ᠰᠢᠯᠵᠢᠭᠦᠯᠦᠨ ᠲᠤᠰᠢᠶᠠᠭᠰᠠᠨ ᠠᠵᠢᠯ ᠤᠨ ᠰᠠᠨᠠᠭᠤᠯᠭ᠎ᠠ ᠳᠤ ᠴᠢᠭᠯᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠥᠭᠡᠷᠡᠴᠢᠯᠡᠯᠲᠡ ᠶᠢ ᠠᠬᠢᠭᠤᠯᠤᠨ᠂ ᠳᠦᠷᠢᠮ ᠢ ᠲᠡᠭᠦᠯᠳᠡᠷᠵᠢᠭᠦᠯᠵᠦ᠂ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠵᠠᠷᠯᠠᠨ ᠮᠡᠳᠡᠭᠳᠡᠭᠰᠡᠨ ᠪᠠ ᠰᠢᠯᠵᠢᠭᠦᠯᠦᠨ ᠲᠤᠰᠢᠶᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ᠃      ᠭᠤᠴᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠵᠥᠪᠳᠡᠯᠴᠡᠬᠦ᠂ ᠦᠨᠡᠯᠡᠨ ᠵᠢᠱᠢᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃      ᠲᠣᠭᠤᠷᠢᠨ ᠪᠠᠶᠢᠴᠠᠭᠠᠬᠤ ᠪᠠᠶᠢᠭᠤᠯᠤᠮᠵᠢ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠶᠡᠷᠦᠩᠬᠡᠶᠢᠯᠡᠭᠰᠡᠨ ᠪᠠᠶᠢᠳᠠᠯ ᠢᠶᠠᠨ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ ᠠᠰᠠᠭᠤᠳᠠᠯ ᠢ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠪᠠᠯ ᠵᠣᠬᠢᠨ᠎ᠠ᠃       ᠵᠢᠷᠭᠤᠳᠤᠭᠠᠷ ᠪᠦᠯᠦᠭ  ᠡᠩᠨᠡᠭᠡᠨ ᠤ ᠪᠠᠶᠢᠭᠤᠯᠤᠯᠲᠠ      ᠭᠤᠴᠢ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠪᠦᠬᠦᠯᠢ ᠴᠣᠭᠴᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠣᠨᠴᠠᠯᠢᠭ ᠲᠠᠢ ᠤᠶᠠᠯᠳᠤᠭᠤᠯᠤᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃      ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠡᠭᠦᠷᠭᠡ ᠲᠠᠢ ᠵᠣᠬᠢᠴᠠᠭᠰᠠᠨ ᠲᠤᠰᠬᠠᠢ ᠲᠤᠰᠢᠶᠠᠯᠲᠤ ᠺᠠᠳ᠋ᠷ ᠢ ᠲᠣᠬᠢᠷᠠᠭᠤᠯᠵᠤ᠂ ᠬᠠᠷᠠᠭᠠᠯᠵᠠᠬᠤ ᠴᠢᠨᠠᠷᠲᠠᠢ ᠲᠣᠬᠢᠷᠠᠭᠤᠯᠤᠯᠲᠠ ᠶᠢ ᠰᠡᠷᠭᠡᠶᠢᠯᠡᠨ᠎ᠡ᠃ ᠲᠣᠭᠤᠷᠢᠨ ᠪᠠᠶᠢᠴᠠᠭᠠᠬᠤ ᠺᠠᠳ᠋ᠷ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠥᠮᠥᠵᠢᠭᠦᠯᠦᠨ ᠪᠤᠯᠪᠠᠰᠤᠷᠠᠭᠤᠯᠬᠤ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠡᠷᠴᠢᠮ ᠢ ᠴᠢᠩᠭᠠᠷᠠᠭᠤᠯᠤᠨ᠎ᠠ᠃      ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠺᠠᠳ᠋ᠷ ᠢ ᠢᠯᠡᠷᠡᠭᠦᠯᠬᠦ᠂ ᠬᠥᠮᠥᠵᠢᠭᠦᠯᠬᠦ᠂ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠰᠢᠯᠢᠳᠡᠭ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠢ ᠲᠥᠯᠥᠪᠯᠡᠭᠡ ᠲᠠᠢ ᠪᠠᠷ ᠲᠣᠬᠢᠷᠠᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠣᠴᠢᠭᠤᠯᠵᠤ ᠳᠠᠪᠲᠠᠨ ᠪᠤᠯᠪᠠᠰᠤᠷᠠᠭᠤᠯᠬᠤ ᠶᠢᠨ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠰᠠᠨ ᠥᠩᠭᠡᠷᠡᠯᠲᠡ ᠪᠠ ᠢᠯᠡᠷᠡᠯ ᠢ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ ᠶᠢᠨ ᠯᠠᠪᠯᠠᠯᠲᠠ ᠪᠣᠯᠭᠠᠨ᠎ᠠ᠃      ᠳᠥᠴᠢᠳᠦᠭᠡᠷ ᠵᠦᠢᠯ ᠲᠣᠭᠤᠷᠢᠨ ᠪᠠᠶᠢᠴᠠᠭᠠᠬᠤ ᠺᠠᠳ᠋ᠷ ᠳᠣᠣᠷᠠᠬᠢ ᠨᠥᠬᠦᠴᠡᠯ ᠤᠳ ᠢ ᠪᠦᠷᠢᠯᠳᠦᠭᠦᠯᠪᠡᠯ ᠵᠣᠬᠢᠨ᠎ᠠ᠄     ︵ᠨᠢᠭᠡ︶ ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠭᠡᠷᠡᠭᠲᠡᠢ︔      ︵ᠬᠤᠶᠠᠷ︶ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠤᠯᠢ ᠶᠣᠰᠣᠭᠠᠷ ᠠᠵᠢᠯᠯᠠᠵᠤ᠂ ᠲᠥᠪ ᠭᠤᠣᠯᠴᠢ᠂ ᠠᠷᠢᠭᠤᠨ ᠴᠢᠬᠡᠴᠢ ᠪᠠᠶᠢᠬᠤ ᠭᠡᠷᠡᠭᠲᠡᠶ︔      ︵ᠭᠤᠷᠪᠠ︶ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠨᠠᠮ ᠪᠠ ᠤᠯᠤᠰ ᠤᠨ ᠨᠢᠭᠤᠴᠠ ᠶᠢ ᠴᠢᠩᠭ᠎ᠠ ᠬᠠᠮᠠᠭᠠᠯᠠᠬᠤ ᠭᠡᠷᠡᠭᠳᠠᠢ︔      ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠤᠰᠬᠠᠢ ᠮᠡᠷᠭᠡᠵᠢᠯ ᠤᠨ ᠮᠡᠳᠡᠯᠭᠡ ᠪᠠ ᠨᠡᠯᠢᠶᠡᠳ ᠴᠢᠩᠭ᠎ᠠ ᠠᠰᠠᠭᠤᠳᠠᠯ ᠢ ᠢᠯᠡᠷᠡᠭᠦᠯᠬᠦ᠂ ᠣᠯᠣᠯᠴᠠᠨ ᠵᠣᠬᠢᠴᠠᠭᠤᠯᠬᠤ᠂ ᠦᠰᠦᠭ ᠪᠢᠴᠢᠭ ᠤᠨ ᠶᠡᠷᠦᠩᠬᠡᠶᠢᠯᠡᠭᠰᠡᠨ ᠵᠡᠷᠭᠡ ᠴᠢᠳᠠᠪᠤᠷᠢ ᠲᠠᠢ ᠪᠠᠶᠢᠬᠤ ᠭᠡᠷᠡᠭᠳᠠᠢ︔      ︵ᠲᠠᠪᠤ︶ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠪᠠ ᠰᠡᠳᠬᠢᠴᠡ ᠶᠢᠨ ᠬᠡᠪ ᠪᠣᠯᠪᠠᠰᠤᠷᠠᠯ ᠲᠠᠢ ᠪᠠᠶᠢᠬᠤ ᠬᠡᠷᠡᠭᠲᠡᠢ᠃      ᠠᠵᠢᠯᠲᠠᠨ ᠢ ᠰᠣᠩᠭᠤᠵᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠬᠤ ᠳᠠᠭᠠᠨ ᠳᠡᠭᠡᠷ᠎ᠡ ᠳᠤᠷᠠᠳᠤᠭᠰᠠᠨ ᠨᠥᠬᠦᠴᠡᠯ ᠤᠨ ᠶᠣᠰᠣᠭᠠᠷ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠠᠳᠬᠤᠵᠤ᠂ ᠵᠢᠷᠤᠮ ᠶᠣᠰᠣᠭᠠᠷ ᠨᠠᠮ ᠤᠨ ᠰᠤᠷᠲᠠᠯ ᠴᠢᠬᠡᠴᠢ ᠵᠠᠰᠠᠭ ᠤᠨ ᠲᠤᠬᠠᠢ ᠰᠠᠨᠠᠯ ᠬᠤᠷᠢᠶᠠᠪᠠᠯ ᠵᠣᠬᠢᠨ᠎ᠠ᠃      ᠲᠣᠭᠤᠷᠢᠨ ᠪᠠᠶᠢᠴᠠᠭᠠᠬᠤ ᠠᠵᠢᠯ ᠢ ᠬᠢᠬᠦ ᠳᠤ ᠲᠣᠬᠢᠷᠠᠬᠤ ᠦᠭᠡᠢ ᠬᠥᠮᠥᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠪᠡᠯ ᠵᠣᠬᠢᠨ᠎ᠠ᠃      ᠳᠥᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠺᠠᠳ᠋ᠷᠴᠤᠳ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠶᠢ ᠱᠠᠯᠠᠪᠳᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠲᠦᠷᠦᠭᠦᠯᠡᠨ ᠡᠰᠡᠷᠭᠦᠴᠡᠵᠦ᠂ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠴᠢᠳᠠᠮᠠᠭᠠᠢ ᠪᠠᠷ ᠲᠡᠮᠡᠴᠡᠬᠦ ᠶᠢ ᠪᠡᠶᠡᠯᠡᠭᠦᠯᠦᠨ᠎ᠡ᠃      ᠳᠥᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷᠴᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠬᠢᠨᠠᠯᠲᠠ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷ ᠪᠡᠶ᠎ᠡ ᠶᠢᠨ ᠬᠢᠨᠠᠯᠲᠠ ᠲᠠᠯᠪᠢᠬᠤ ᠶᠢ ᠲᠦᠷᠦᠭᠦᠯᠡᠨ ᠴᠢᠩᠭᠠᠳᠬᠠᠪᠠᠯ ᠵᠣᠬᠢᠨ᠎ᠠ᠃ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠺᠠᠳ᠋ᠷ ᠢᠯᠠᠩᠭᠤᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠥᠰ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠶᠢᠯᠠᠬᠤ᠂ ᠨᠢᠭᠤᠴᠠ ᠶᠢ ᠬᠠᠮᠠᠭᠠᠯᠠᠬᠤ᠂ ᠴᠢᠬᠤᠯᠠ ᠶᠡᠭᠡ ᠵᠦᠢᠯᠡᠰ ᠲᠤ ᠵᠢᠭᠠᠪᠤᠷᠢ ᠠᠪᠴᠤ ᠮᠡᠳᠡᠭᠦᠯᠬᠦ᠂ ᠣᠪᠣᠷ ᠰᠤᠷᠲᠠᠯ ᠰᠠᠬᠢᠯᠭ᠎ᠠ ᠪᠠᠲᠤ ᠶᠢ ᠦᠨᠡᠯᠡᠨ ᠵᠢᠱᠢᠬᠦ ᠵᠡᠷᠭᠡ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠥᠷᠨᠢᠭᠦᠯᠦᠨ᠎ᠡ᠃      ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃     ᠳᠣᠯᠣᠳᠤᠭᠠᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ      ᠳᠥᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠤᠳᠤᠷᠢᠳᠤᠭᠰᠠᠨ ᠦᠭᠡᠢ ᠠᠴᠠ ᠪᠣᠯᠵᠤ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃     ᠳᠥᠴᠢᠨ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠣᠯᠣᠨ ᠨᠢᠭᠡᠴᠢ ᠲᠣᠭᠲᠠᠭᠠᠯ ᠢ ᠵᠥᠷᠢᠴᠡᠨ ᠲᠣᠭᠤᠷᠢᠨ ᠪᠠᠶᠢᠴᠠᠭᠠᠬᠤ ᠠᠵᠢᠯ ᠢ ᠬᠠᠮᠵᠢᠨ ᠳᠡᠮᠵᠢᠭᠰᠡᠨ ᠦᠭᠡᠢ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃     ᠳᠥᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠣᠯᠵᠤ ᠮᠡᠳᠡᠪᠡᠯ ᠵᠣᠬᠢᠬᠤ ᠴᠢᠬᠤᠯᠠ ᠠᠰᠠᠭᠤᠳᠠᠯ ᠢ ᠣᠯᠵᠤ ᠮᠡᠳᠡᠭᠰᠡᠨ ᠦᠭᠡᠢ︔     ︵ᠬᠤᠶᠠᠷ︶ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠦᠭᠡᠢ᠂ ᠪᠣᠳᠠᠲᠤ ᠬᠡᠷᠡᠭ ᠢ ᠨᠢᠭᠤᠨ ᠳᠠᠯᠳᠠᠯᠠᠵᠤ᠂ ᠭᠠᠵᠢᠭᠤᠳᠠᠭᠤᠯᠵᠤ᠂ ᠬᠤᠳᠠᠯ ᠢᠶᠠᠷ ᠵᠣᠭᠢᠶᠠᠬᠤ︔     ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠵᠤ᠂ ᠲᠣᠭᠤᠷᠢᠨ ᠪᠠᠶᠢᠴᠠᠭᠠᠬᠤ ᠠᠵᠢᠯ ᠲᠠᠢ ᠬᠤᠯᠪᠣᠭᠳᠠᠬᠤ ᠤᠯᠤᠰ ᠤᠨ ᠨᠢᠭᠤᠴᠠ᠂ ᠠᠵᠢᠯ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠵᠡᠷᠭᠡ ᠨᠡᠶᠢᠲᠡᠯᠡᠭᠡᠳᠦᠢ ᠮᠡᠳᠡᠭᠡ ᠵᠠᠩᠭᠢ ᠶᠢ ᠵᠠᠳᠠᠷᠠᠭᠤᠯᠬᠤ︔      ︵ᠳᠥᠷᠪᠡ︶ ᠠᠵᠢᠯ ᠤᠨ ᠳᠤᠮᠳᠠ ᠪᠠᠨ ᠡᠷᠬᠡ ᠶᠢᠨ ᠬᠡᠪᠴᠢᠶᠡᠨ ᠠᠴᠠ ᠪᠠᠨ ᠳᠠᠪᠠᠭᠠᠳ ᠮᠠᠭᠤ ᠦᠷ᠎ᠡ ᠳ᠋ᠦᠩ ᠭᠠᠷᠭᠠᠬᠤ︔      ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠲᠦᠭᠦᠮ ᠢᠶᠠᠨ ᠠᠰᠢᠭᠯᠠᠨ ᠬᠤᠪᠢ ᠶᠢᠨ ᠠᠰᠢᠭ ᠣᠯᠬᠤ ᠪᠤᠶᠤ ᠪᠤᠰᠤᠳ ᠬᠥᠮᠥᠨ ᠳᠤ ᠵᠦᠢ ᠪᠤᠰᠤ ᠠᠰᠢᠭ ᠣᠯᠭᠤᠬᠤ︔      ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠵᠢᠯᠯᠠᠭ᠎ᠠ᠃      ᠳᠥᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠲᠠᠳ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠤᠶᠤ ᠪᠤᠰᠤᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠨᠢᠭᠤᠨ ᠳᠠᠯᠳᠠᠯᠠᠵᠤ ᠮᠡᠳᠡᠭᠦᠯᠬᠦ ᠦᠭᠡᠢ ᠪᠤᠶᠤ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠳᠠᠯ ᠬᠠᠭᠤᠷᠮᠠᠭ ᠪᠠᠶᠢᠳᠠᠯ ᠢ ᠬᠠᠨᠭ᠍ᠭᠠᠬᠤ︔     ︵ᠬᠤᠶᠠᠷ︶ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠠᠩᠭᠠᠬᠤ ᠶᠢ ᠲᠡᠪᠴᠢᠬᠦ ᠪᠤᠶᠤ ᠱᠠᠭᠠᠷᠳᠠᠯᠭ᠎ᠠ ᠶᠣᠰᠣᠭᠠᠷ ᠬᠠᠩᠭᠠᠬᠤ ᠦᠭᠡᠢ︔     ︵ᠭᠤᠷᠪᠠ︶ ᠬᠤᠯᠪᠣᠭᠳᠠᠯ ᠪᠦᠬᠦᠢ ᠨᠢᠭᠡᠴᠢ ᠪᠤᠶᠤ ᠬᠥᠮᠥᠰ ᠢ ᠵᠢᠭᠠᠨ ᠳᠣᠬᠢᠵᠤ᠂ ᠠᠯᠪᠠᠳᠠᠨ ᠵᠠᠷᠯᠢᠭᠳᠠᠵᠤ ᠪᠠᠶᠢᠭᠠᠳ ᠲᠣᠭᠤᠷᠢᠨ ᠪᠠᠶᠢᠴᠠᠭᠠᠬᠤ ᠠᠵᠢᠯ ᠳᠤ ᠭᠠᠷ ᠲᠦᠷᠦᠭᠦ᠂ ᠬᠠᠷᠰᠢᠯᠠᠬᠤ ᠪᠤᠶᠤ ᠪᠤᠰᠤᠳ ᠢ ᠭᠦᠳᠬᠡᠨ ᠵᠠᠭᠠᠯᠳᠤᠵᠤ᠂    ᠬᠤᠣᠷᠯᠠᠬᠤ︔      ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠨᠢ ᠬᠦᠴᠦᠨ ᠦᠭᠡᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠭᠦᠢᠴᠡᠳ ᠦᠭᠡᠢ᠂ ᠬᠠᠰᠢ ᠶᠠᠰᠢ ᠪᠠᠷ ᠠᠷᠭᠠᠴᠠᠭᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ︔      ︵ᠲᠠᠪᠤ︶ ᠠᠰᠠᠭᠤᠳᠠᠯ ᠢ ᠲᠤᠰᠬᠠᠭᠰᠠᠨ ᠺᠠᠳ᠋ᠷ ᠤᠯᠠᠨ ᠲᠦᠮᠡᠨ ᠢ ᠰᠦᠷᠳᠡᠭᠦᠯᠵᠦ᠂ ᠴᠣᠬᠢᠯᠲᠠ ᠥᠭᠴᠦ᠂ ᠥᠰᠢᠶ᠎ᠡ ᠠᠪᠴᠤ᠂ ᠬᠤᠣᠷᠯᠠᠬᠤ︔      ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠦᠭᠡᠢ ᠪᠤᠶᠤ ᠬᠠᠷᠰᠢᠯᠠᠭᠰᠠᠨ ᠪᠤᠰᠤᠳ    ᠪᠠᠶᠢᠳᠠᠯ᠃      ᠨᠠᠢᠮᠠᠳᠤᠭᠠᠷ ᠪᠦᠯᠦᠭ  ᠴᠠᠭᠳᠠᠨ ᠪᠠᠶᠢᠴᠠᠭᠠᠬᠤ ᠠᠵᠢᠯ      ᠳᠥᠴᠢᠨ ᠳᠣᠯᠣᠳᠤᠭᠠᠷ ᠵᠦᠢᠯ ᠨᠠᠮ ᠤᠨ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠪᠣᠯᠣᠨ ᠰᠢᠶᠠᠨ ︵ᠬᠤᠳᠠ᠂ ᠲᠣᠭᠤᠷᠢᠭ᠂ ᠬᠤᠰᠢᠭᠤ︶ ᠤ ᠬᠤᠷᠢᠶ᠎ᠠ ᠴᠠᠭᠳᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠴᠠᠭᠳᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃     ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠬᠤ ᠠᠵᠢᠯ ᠥᠷᠨᠢᠭᠦᠯᠬᠦ ᠴᠢᠬᠤᠯᠠᠲᠠᠢ ᠪᠠᠶᠢᠪᠠᠯ᠂ ᠳᠡᠭᠡᠳᠦ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠳᠠᠮᠵᠢᠭᠤᠯᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠮᠡᠳᠡᠭᠦᠯᠵᠦ ᠵᠥᠪᠰᠢᠶᠡᠷᠡᠭᠦᠯᠪᠡᠯ ᠵᠣᠬᠢᠨ᠎ᠠ᠃      ᠳᠥᠴᠢᠨ ᠨᠠᠢᠮᠠᠳᠤᠭᠠᠷ ᠵᠦᠢᠯ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠬᠤᠳᠠ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠶᠢ ᠱᠠᠭᠠᠷᠳᠠᠭᠰᠠᠨ ᠨᠠᠮ ᠤᠨ ᠪᠤᠰᠤᠳ ᠵᠣᠬᠢᠶᠠᠨ ᠪᠠᠶᠢᠭᠤᠯᠤᠯᠲᠠ ᠪᠣᠯᠣᠨ᠎ᠠ᠃      ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠰᠢᠶᠠᠨ ᠤ ᠱᠠᠲᠤᠨ ᠤ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠬᠠᠷᠢᠶ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠠᠴᠠ ᠴᠠᠭᠳᠠᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃      ᠳᠥᠴᠢ ᠶᠢᠰᠦᠳᠦᠭᠡᠷ ᠵᠦᠢᠯ ᠴᠠᠭᠳᠠᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠬᠢᠨᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠪᠠᠯ ᠵᠣᠬᠢᠨ᠎ᠠ᠃      ᠲᠠᠪᠢᠳᠤᠭᠠᠷ ᠵᠦᠢᠯ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠲᠡᠰ ᠳᠠᠷᠠᠭᠠᠯᠠᠯ ᠪᠠ ᠠᠷᠭ᠎ᠠ ᠭᠡᠯᠪᠡᠷᠢ ᠶᠢᠨ ᠡᠷᠬᠡ ᠶᠢᠨ ᠬᠡᠪᠴᠢᠶ᠎ᠡ᠂ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ᠂ ᠡᠩᠨᠡᠭᠡ ᠶᠢᠨ ᠪᠠᠶᠢᠭᠤᠯᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠲᠤᠰ ᠳᠦᠷᠢᠮ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠲᠣᠭᠲᠠᠭᠠᠯ ᠢᠶᠠᠷ ᠯᠠᠪᠯᠠᠯᠲᠠ ᠪᠤᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃      ᠶᠢᠰᠦᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ      ᠲᠠᠪᠢᠨ ᠨᠢᠭᠡᠳᠦᠭᠡᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ ᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠳᠦᠷᠢᠮ ᠢᠶᠠᠷ ᠯᠠᠪᠯᠠᠯᠲᠠ ᠪᠤᠯᠭᠠᠵᠤ ᠲᠣᠭᠲᠠᠭᠠᠨ᠎ᠠ᠃      ᠲᠠᠪᠢᠨ ᠬᠤᠶᠠᠳᠤᠭᠠᠷ ᠵᠦᠢᠯ ᠲᠤᠰ ᠳᠦᠷᠢᠮ ᠢ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠠᠪᠢᠨ ᠭᠤᠷᠪᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ ᠡᠮᠦᠨ᠎ᠡ ᠨᠡᠶᠢᠲᠡᠯᠡᠭᠰᠡᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠪᠤᠰᠤᠳ ᠲᠣᠭᠲᠠᠭᠠᠯ ᠳᠤ᠂ ᠲᠤᠰ ᠳᠦᠷᠢᠮ ᠲᠠᠢ ᠨᠢᠭᠡᠳᠦᠯ ᠦᠭᠡᠢ ᠪᠠᠶᠢᠪᠠᠯ ᠲᠤᠰ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号