ᠥᠮᠡᠨ ᠨᠢ 4 ᠲᠥᠷᠥᠯ ᠤᠨ ᠢᠳᠡᠭᠡᠨ ᠠᠴᠠ ᠠᠶᠤᠳᠠᠭ ᠪᠤᠯᠬᠤᠷ ᠡᠳᠡᠭᠡᠷ ᠢᠳᠡᠭᠡᠨ ᠢ ᠢᠯᠡᠭᠦᠬᠡᠨ ᠢᠳᠡᠪᠡᠯ ᠵᠣᠬᠢᠨ᠎ᠠ︕
ᠨᠡᠶᠢᠲᠡᠯᠡᠭᠰᠡᠨ ᠴᠠᠭ᠄
2024/2/27
    1. ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠬᠡᠨ ᠢᠳᠡᠪᠡᠯ ᠰᠠᠶᠢᠨ            ᠰᠢᠨ᠎ᠡ ᠰᠣᠷᠭᠤᠭ ᠢᠳᠡᠰᠢᠨ ᠨᠣᠭᠤᠭ᠎ᠠ ᠵᠢᠮᠢᠰ ᠨᠢ ᠬᠥᠮᠦᠨ ᠤ ᠪᠡᠶ᠎ᠡ ᠳᠤ ᠮᠠᠰᠢ ᠣᠯᠠᠨ ᠠᠰᠢᠭᠲᠠᠶ ᠲᠠᠯ᠎ᠠ ᠲᠠᠢ ᠪᠠᠶᠢᠳᠠᠭ᠂ ᠲᠡᠷᠡ ᠨᠢ ᠪᠡᠶ᠎ᠡ ᠮᠠᠬᠠᠪᠣᠳ ᠲᠤ ᠬᠡᠷᠡᠭᠰᠡᠬᠦ  ᠰᠢᠮ᠎ᠡ ᠲᠡᠵᠢᠭᠡᠯ ᠢ ᠨᠥᠬᠦᠪᠥᠷᠢᠯᠡᠬᠦ ᠠᠴᠠ ᠭᠠᠳᠠᠨ᠎ᠠ᠂ ᠥᠮᠡᠨ ᠢ ᠰᠡᠷᠭᠡᠶᠢᠯᠡᠬᠦ ᠲᠠᠯ᠎ᠠ ᠪᠠᠷ ᠴᠤ ᠮᠠᠰᠢ ᠶᠡᠭᠡ ᠦᠢᠯᠡᠳᠦᠯ ᠦᠵᠡᠭᠦᠯᠳᠡᠭ᠃              2. ᠭᠤᠤᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠬᠦᠦ ᠢᠳᠡᠪᠡᠯ ᠰᠠᠶᠢᠨ              ᠪᠢᠳᠡ ᠨᠠᠷᠢᠯᠢᠭ ᠲᠤᠲᠤᠷᠭ᠎ᠠ ᠶᠢ ᠪᠠᠭ᠎ᠠ ᠢᠳᠡᠵᠦ᠂ ᠭᠤᠣᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠭᠦᠦ ᠢᠳᠡᠬᠦ ᠶᠢ ᠤᠯᠠᠨ ᠳᠤ ᠰᠠᠨᠠᠭᠤᠯᠤᠶ᠎ᠠ᠃ ᠤᠴᠢᠷ ᠨᠢ ᠨᠠᠷᠢᠯᠢᠭ ᠲᠤᠲᠤᠷᠭ᠎ᠠ ᠶᠢᠨ ᠭᠤᠯᠢᠷ ᠲᠠᠢ ᠬᠠᠷᠢᠴᠠᠭᠤᠯᠪᠠᠯ᠂ ᠡᠯᠳᠡᠪ ᠠᠮᠤ ᠪᠤᠳᠠᠭ᠎ᠠ ᠳᠤ ᠨᠡᠩ ᠠᠷᠪᠢᠨ ᠢᠳᠡᠭᠡᠨ ᠤ ᠰᠢᠷᠭᠡᠭᠯᠢᠭ᠂ B ᠲᠥᠷᠥᠯ ᠤᠨ    ᠸᠢᠲ᠋ᠠᠮᠢᠨ ᠵᠢᠴᠢ ᠡᠷᠦᠳᠡᠰᠦ ᠠᠭᠤᠯᠤᠬᠳᠠᠵᠤ ᠪᠠᠶᠢᠬᠤ ᠪᠦᠭᠡᠳ ᠪᠠᠰᠠ ᠬᠤᠭᠤᠯᠠᠨ ᠤ ᠳᠠᠷᠠᠭᠠᠬᠢ ᠴᠢᠰᠤᠨ ᠰᠢᠬᠢᠷ ᠢ ᠲᠣᠭᠲᠠᠪᠤᠷᠢᠵᠢᠭᠤᠯᠵᠤ᠂ ᠡᠷᠡᠭᠦᠯ ᠮᠡᠨᠳᠦ ᠳᠤ ᠨᠡᠩ ᠠᠰᠢᠭᠲᠠᠶ ᠪᠠᠶᠢᠳᠠᠭ᠃              3. ᠡᠳᠦᠷ ᠪᠦᠷᠢ ᠪᠤᠷᠴᠠᠭ ᠤᠨ ᠢᠳᠡᠭᠡᠨ ᠢᠳᠡᠪᠡᠯ ᠰᠠᠶᠢᠨ           25 ᠭᠷᠠᠮ ᠰᠢᠷ᠎ᠠ ᠪᠤᠷᠴᠠᠭ ᠨᠢ 1 ᠨᠢᠳᠤᠷᠭ᠎ᠠ ᠶᠢᠨ ᠴᠢᠨᠡᠭᠡᠨ ᠤᠮᠠᠷᠠᠲᠤ   ᠶᠢᠨ ᠳ᠋ᠧᠦᠹᠦ᠋ ᠪᠤᠶᠤ ᠬᠠᠭᠠᠰ ᠬᠠᠶᠢᠷᠴᠠᠭ ᠡᠮᠦᠨᠡᠳᠦ ᠶᠢᠨ ᠳ᠋ᠧᠦᠹᠦ᠋ ᠪᠠ 1 ᠨᠢᠳᠤᠷᠭ᠎ᠠ ᠶᠢᠨ ᠴᠢᠨᠡᠭᠡᠨ ᠳ᠋ᠧᠦᠹᠦ᠋ ᠶᠢᠨ ᠰᠢᠷᠭᠡᠭᠯᠢᠭ ᠪᠤᠶᠤ 2 ᠬᠡᠰᠡᠭ ᠬᠠᠲᠠᠭᠠᠮᠠᠯ ᠳ᠋ᠧᠦᠹᠦ᠋ ᠲᠠᠢ ᠲᠡᠩᠴᠡᠨ᠎ᠡ᠃ ᠪᠤᠷᠴᠠᠭ ᠤᠨ ᠢᠳᠡᠭᠡᠨ ᠢ ᠰᠠᠶᠢᠳᠤᠷ ᠢᠳᠡᠪᠡᠯ ᠬᠥᠬᠦᠨ ᠪᠤᠯᠴᠢᠷᠬᠠᠶ ᠶᠢᠨ ᠥᠮᠡᠨ ᠤ  ᠲᠦᠭᠰᠢᠭᠦᠷᠢ ᠶᠢ ᠪᠠᠭᠠᠰᠬᠠᠨ᠎ᠠ᠃              4. ᠦᠷᠭᠦᠯᠵᠢ ᠴᠠᠢ ᠤᠤᠭᠤᠪᠡᠯ ᠰᠠᠶᠢᠨ              ᠴᠠᠢ ᠶᠢᠨ ᠳᠣᠲᠣᠷ᠎ᠠ ᠢᠰᠦᠯᠳᠦᠬᠦ ᠶᠢ ᠡᠰᠡᠷᠭᠦᠴᠡᠬᠦ ᠪᠦᠷᠢᠯᠳᠦᠬᠦᠨ ᠲᠠᠢ ᠴᠠᠢ ᠶᠢᠨ ᠣᠯᠠᠨ ᠹᠧᠨᠣᠯ ᠠᠭᠤᠯᠤᠭᠳᠠᠵᠤ ᠪᠠᠶᠢᠳᠠᠭ᠂ ᠡᠳᠦᠷ ᠪᠦᠷᠢ ᠴᠠᠢ ᠤᠤᠭᠤᠪᠠᠯ ᠡᠷᠡᠭᠦᠯ ᠮᠡᠨᠳᠦ ᠳᠤ ᠠᠰᠢᠭᠲᠠᠢ ᠶᠤᠮ᠃ ᠣᠳᠣᠬᠠᠨ ᠤ ᠵᠠᠷᠢᠮ ᠰᠤᠳᠤᠯᠭᠠᠨ ᠠᠴᠠ ᠦᠵᠡᠪᠡᠯ᠂ ᠦᠷᠭᠦᠯᠵᠢ ᠴᠠᠶ ᠤᠤᠭᠤᠪᠠᠯ ᠵᠢᠷᠦᠬᠡ ᠴᠢᠰᠤᠨ ᠰᠤᠳᠠᠯ ᠤᠨ ᠡᠪᠡᠳᠴᠢᠨ᠂ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠵᠢᠴᠢ ᠬᠤᠳᠣᠭᠤᠳᠣᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号