ᠬᠥᠨᠳᠡᠯᠡᠨ ᠲᠣᠭᠤᠷᠢᠭ ᠠᠶᠢᠮᠠᠭ ᠬᠤᠲᠠ ᠠᠯᠤᠰᠯᠠᠭᠰᠠᠨ ᠴᠢᠳᠠᠪᠤᠷᠢᠲᠠᠨ ᠤᠷᠢᠨ ᠡᠯᠰᠡᠬᠦ ᠠᠵᠢᠯᠯᠠᠭ᠎ᠠ ᠦᠷᠨᠢᠬᠦᠯᠪᠡ ︕
ᠨᠡᠶᠢᠲᠡᠯᠡᠭᠰᠡᠨ ᠴᠠᠭ᠄
2024/2/28
    ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠤᠷᠤᠭᠤᠯᠤᠨ ᠠᠪᠴᠢᠷᠠᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠨᠳᠡᠯᠡᠨ ᠲᠣᠭᠤᠷᠢᠭ ᠤᠨ ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠬᠥᠨᠳᠡᠯᠡᠨ ᠲᠣᠭᠤᠷᠢᠭ ᠤᠨ ᠲᠦᠷᠬᠡᠨ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠳᠡᠮᠵᠢᠯᠭᠡ ᠬᠠᠩᠭᠠᠬᠤ ᠶᠢᠨ ᠲᠥᠯᠥᠭᠡ᠂ 2 ᠰᠠᠷ᠎ᠠ ᠶᠢᠨ 26 ᠤ ᠡᠳᠦᠷ᠂ ᠬᠥᠨᠳᠡᠯᠡᠨ ᠲᠣᠭᠤᠷᠢᠭ ᠠᠶᠢᠮᠠᠭ ᠬᠤᠲᠠ ᠠᠯᠤᠰᠯᠠᠭᠰᠠᠨ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠲᠦᠩ ᠸᠧᠶ᠂ ᠰᠢᠨ ᠶᠤᠸᠠᠨ᠂ ᠪᠧᠶ ᠯᠠᠨ ᠰᠢᠨ ᠵᠡᠷᠭᠡ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 4 ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠳᠤ ᠬᠦᠷᠴᠦ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠰᠤᠷᠤᠭᠴᠢᠳ ᠲᠤ ︽ᠤᠷᠢᠯᠭ᠎ᠠ ᠶᠢᠨ ᠪᠢᠴᠢᠭ︾ ᠦᠭᠴᠦ᠂ ︽ᠡᠷᠳᠡᠮᠲᠡᠨ ᠢ ᠤᠷᠢᠬᠤ ᠰᠠᠨᠠᠭ᠎ᠠ︾ ᠪᠠᠨ    ᠢᠯᠡᠳᠭᠡᠪᠡ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠶᠡᠭᠡ ᠳᠡᠭᠡᠳᠦ ᠰᠤᠷᠭᠠᠭᠤᠯᠢ ᠳᠤ ᠬᠥᠨᠳᠡᠯᠡᠨ ᠲᠣᠭᠤᠷᠢᠭ ᠤᠨ ᠪᠠᠶᠢᠳᠠᠯ᠂ ᠬᠥᠭᠵᠢᠯᠲᠡ ᠶᠢᠨ ᠢᠷᠡᠭᠡᠳᠦᠶ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠤᠨᠴᠠᠯᠢᠬᠳᠤ ᠳᠠᠪᠠᠭᠤᠯᠢᠭ ᠠᠵᠤ ᠦᠶᠯᠡᠰ ᠵᠢᠴᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠤᠨ ᠲᠠᠨᠢᠯᠴᠠᠭᠤᠯᠵᠤ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ᠂ ᠰᠣᠷᠣᠭᠴᠢ ᠡᠯᠰᠡᠵᠦ ᠠᠵᠢᠯ ᠣᠯᠭᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠬᠦᠯᠬᠦ ᠣᠷᠳᠣ ᠬᠤᠭᠤᠴᠠᠭᠠᠨ ᠤ ᠪᠦᠲᠦᠮᠵᠢᠳᠦ ᠲᠣᠭᠲᠠᠴᠠ ᠶᠢ ᠪᠠᠶᠢᠭᠤᠯᠬᠤ ᠲᠤᠬᠠᠶ ᠭᠦᠨᠵᠡᠭᠡᠶ ᠶᠠᠷᠢᠯᠴᠠᠨ ᠰᠣᠯᠢᠯᠴᠠᠪᠠ᠃ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠤᠨ ᠬᠥᠮᠦᠨ ᠬᠡᠷᠡᠭᠯᠡᠬᠦ ᠬᠡᠷᠡᠭᠴᠡᠭᠡ᠂ ᠠᠵᠢᠯ ᠤᠨ ᠪᠠᠶᠢᠷᠢ ᠶᠢᠨ ᠳᠤᠲᠠᠭᠳᠠᠵᠤ ᠪᠠᠶᠢᠭ᠎ᠠ ᠪᠠᠶᠢᠳᠠᠯ ᠪᠣᠯᠤᠨ ᠰᠤᠷᠭᠠᠭᠤᠯᠢ ᠠᠴᠠ ᠠᠵᠤ ᠠᠬᠤᠶᠢᠯᠠᠯ ᠳᠤ ᠴᠢᠳᠠᠪᠤᠷᠢᠲᠠᠨ ᠢ ᠬᠦᠷᠭᠡᠵᠦ ᠪᠠᠶᠢᠭ᠎ᠠ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠦᠨᠵᠡᠭᠡᠢ ᠬᠠᠮᠲᠤᠷᠠᠯᠴᠠᠬᠤ ᠬᠠᠮᠲᠤ ᠶᠢᠨ ᠲᠠᠨᠢᠯᠲᠠ ᠲᠠᠢ ᠪᠣᠯᠤᠭᠰᠠᠨ ᠪᠥᠭᠡᠳ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠪᠠ᠃     ᠪᠥᠬᠦ ᠬᠤᠲᠠ ᠶᠢᠨ ︽ᠬᠤᠪᠣᠷ ᠰᠢᠷᠣᠶ ᠶᠢᠨ ᠬᠤᠶᠠᠷ ᠰᠠᠭᠤᠷᠢᠨ︾ ᠪᠠ ︽ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠬᠥᠨᠳᠡᠯᠡᠨ ᠲᠣᠭᠤᠷᠢᠭ ᠤᠨ ᠬᠢᠨ ᠴᠢᠳᠠᠪᠤᠷᠢᠲᠠᠨ ᠢ ᠤᠷᠢᠵᠤ ᠣᠶᠤᠨ ᠤᠬᠠᠭᠠᠨ ᠢ ᠣᠷᠣᠭᠤᠯᠤᠨ ᠠᠪᠴᠢᠷᠠᠬᠤ ᠴᠢᠩ ᠦᠨᠡᠨᠴᠢ ᠰᠡᠳᠬᠢᠯᠭᠡ ᠪᠠ ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠤ ᠬᠦᠴᠦᠨ ᠳᠤ ᠲᠦᠰᠢᠭᠯᠡᠨ ᠪᠤᠭᠤᠲᠤ ᠬᠤᠳᠠ ᠶᠢ ᠬᠥᠭᠵᠢᠭᠦᠯᠬᠦ ᠡᠷᠡᠰ ᠬᠠᠳᠠᠭᠤ ᠵᠣᠷᠢᠭ ᠢ ᠡᠪᠦᠷᠯᠡᠨ᠂ ᠣᠷᠭᠢᠯᠤᠮ᠎ᠠ ᠬᠠᠯᠠᠭᠤᠨ ᠰᠡᠳᠬᠢᠯᠭᠡ᠂ ᠦᠨᠡᠨ ᠪᠣᠳᠠᠲᠠᠶ ᠦᠶᠯᠡᠴᠢᠯᠡᠬᠦ ᠲᠥᠷᠥ ᠶᠢᠨ ᠪᠣᠳᠣᠯᠭ᠎ᠠ᠂ ᠰᠢᠨ᠎ᠡ ᠶᠢ ᠡᠭᠦᠳᠦᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠡᠪᠤᠷᠢᠳᠠᠨ ᠢ ᠬᠥᠮᠦᠵᠢᠭᠦᠯᠬᠦ ᠵᠠᠭᠪᠤᠷ ᠢᠶᠠᠷ᠂ ᠰᠠᠶᠢᠨ ︽ᠵᠠᠭᠤᠴᠢ︾ ᠪᠤᠯᠵᠤ ᠬᠦᠬᠦᠷᠭᠡ ᠬᠤᠯᠪᠤᠭᠠᠰᠤ ᠶᠢ ᠰᠠᠶᠢᠳᠤᠷ ᠪᠤᠰᠬᠠᠵᠤ᠂ ᠴᠢᠳᠠᠪᠤᠷᠢᠲᠠᠨ ᠢ ᠡᠯᠰᠡᠨ ᠴᠢᠳᠡᠪᠦᠷᠢᠳᠠᠨ ᠢ ᠣᠷᠣᠭᠤᠯᠤᠨ ᠠᠪᠴᠢᠷᠠᠬᠤ ᠬᠤᠷᠳᠤᠴᠠ ᠶᠢ ᠲᠦᠷᠭᠡᠳᠬᠡᠨ᠎ᠡ᠃     ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠪᠡᠷᠳᠡᠬᠡᠨ ᠵᠠᠰᠠᠬᠤ ᠤᠷᠤᠨ ᠤ ᠴᠣᠷ ᠤᠨ ᠭᠠᠭᠴᠠ ︽ᠪᠥᠬᠦ ᠤᠯᠤᠰ ᠤᠨ ᠤᠶᠤᠲᠠᠳ ᠤᠨ ᠠᠵᠢᠯ ᠣᠯᠭᠤᠯᠲᠠ ᠶᠢᠨ ᠳᠠᠳᠤᠯᠭ᠎ᠠ ᠦᠶᠯᠡᠳᠦᠯᠭᠡ ᠶᠢᠨ ᠰᠠᠭᠤᠷᠢᠨ︾ ᠪᠣᠯᠬᠤ ᠮᠠᠨ ᠤ ᠲᠤᠭᠤᠷᠢᠭ ᠤᠨ ᠳᠠᠪᠠᠭᠤᠯᠢᠭ ᠢᠶᠠᠨ ᠰᠠᠶᠢᠳᠤᠷ ᠪᠠᠳᠠᠷᠠᠭᠤᠯᠵᠤ᠂ ᠨᠠᠩ ᠶᠡᠭᠡ ᠬᠦᠷᠢᠶ᠎ᠡ ᠬᠡᠪᠴᠢᠶ᠎ᠡ᠂ ᠨᠠᠩ ᠣᠯᠠᠨ ᠬᠦᠷᠢᠶ᠎ᠡ ᠴᠠᠷᠠᠭ᠎ᠠ ᠳᠤ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠤᠷᠮᠠᠰᠢᠭᠤᠯᠬᠤ ᠪᠠ ᠦᠶᠯᠡᠴᠢᠯᠡᠭᠡ ᠶᠢ ᠪᠠᠲᠤᠯᠠᠬᠤ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠵᠤ᠂ ᠠᠵᠤ ᠦᠶᠯᠡᠰ ᠪᠠ ᠴᠢᠳᠠᠪᠤᠷᠢᠲᠠᠨ ᠤ ᠠᠭᠤᠰᠤᠯᠴᠠᠯ ᠢ ᠦᠨᠡᠨ ᠬᠦ ᠠᠬᠢᠭᠤᠯᠵᠤ᠂ ᠠᠵᠤ ᠦᠶᠯᠡᠰ ᠢᠶᠠᠷ ᠴᠢᠳᠠᠪᠤᠷᠢᠲᠠᠨ ᠢ ᠴᠤᠭᠯᠠᠭᠤᠯᠵᠤ᠂ ᠴᠢᠳᠠᠪᠤᠷᠢᠲᠠᠨ ᠢᠶᠠᠷ ᠠᠵᠤ ᠦᠶᠯᠡᠰ ᠢ ᠬᠥᠭᠵᠢᠭᠦᠯᠵᠦ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号