︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾ ︽ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠲᠤᠬᠠᠢ ᠳ᠋ᠦᠩᠨᠡᠯᠲᠡ ᠶᠢᠨ ᠮᠡᠳᠡᠭᠦᠯᠦᠯᠲᠡ︾ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠬᠢᠨᠠᠨ ᠵᠥᠪᠯᠡᠪᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/2/4
       ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠲᠤᠬᠠᠢ ᠳ᠋ᠦᠩᠨᠡᠯᠲᠡ ᠶᠢᠨ ᠮᠡᠳᠡᠭᠦᠯᠦᠯᠲᠡ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠬᠢᠨᠠᠨ ᠵᠥᠪᠯᠡᠵᠡᠢ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠢ ᠭᠦᠢᠴᠡᠳ ᠨᠤᠲᠠᠯᠠᠵᠤ᠂ 2024 ᠣᠨ ᠤ ᠠᠵᠢᠯ ᠤᠨ ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ 5 ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠯ᠎ᠡ ᠲᠠᠯ᠎ᠠ ᠶᠢᠨ ᠠᠵᠢᠯ ᠰᠠᠶᠢᠨ ᠰᠠᠶᠢᠬᠠᠨ ᠡᠭᠢᠯᠡᠯᠲᠡ ᠲᠠᠢ ᠪᠣᠯᠵᠠᠢ᠃ ᠲᠥᠪ ᠤᠨ ᠱᠦᠵᠢ ᠨᠠᠷ ᠤᠨ ᠭᠠᠵᠠᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨ ᠤ ᠪᠦᠯᠭᠦᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠢᠯᠤᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠡᠢ ᠭᠡᠵᠦ ᠦᠵᠡᠪᠡ᠃     ᠬᠤᠷᠠᠯ ᠠᠴᠠ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠲᠡᠮᠡᠴᠡᠯ ᠤᠨ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠲᠤᠭᠤᠰᠢᠯᠠᠭᠤᠯᠤᠨ ᠬᠡᠷᠡᠭᠵᠢᠭᠦᠯᠵᠦ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠤᠷᠢᠳ ᠢᠶᠠᠷ ᠦᠯᠢᠭᠡᠷ ᠳᠠᠭᠤᠷᠢᠶᠠᠯ ᠪᠣᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠪᠣᠳᠠᠲᠠᠢ ᠠᠳᠬᠤᠵᠤ᠂ ᠭᠦᠨᠵᠡᠭᠡᠢ ᠠᠳᠬᠤᠬᠤ ᠬᠡᠷᠡᠭᠲᠡᠢ᠃ ᠲᠥᠪ ᠤᠨ ᠱᠦᠵᠢ ᠨᠠᠷ ᠤᠨ ᠭᠠᠵᠠᠷ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠦᠭᠦ ᠨᠠᠮ ᠢᠶᠠᠷ ᠢᠶᠠᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠶᠢ ᠳᠤᠪᠤᠶᠢᠯᠭᠠᠵᠤ᠂ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠱᠢᠭᠰᠡᠨ ᠬᠠᠷᠠᠯᠲᠠ ᠳᠠᠭᠠᠨ ᠬᠦᠷᠴᠦ᠂ ᠢᠯᠡᠳᠲᠡ ᠦᠷ᠎ᠡ ᠪᠦᠲᠦᠮᠵᠢ ᠣᠯᠪᠠ ᠭᠡᠵᠦ ᠵᠢᠭᠠᠵᠤ ᠭᠠᠷᠭᠠᠵᠠᠢ᠃     ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠪᠠᠷ ᠳᠠᠮᠵᠢᠭᠤᠯᠤᠨ᠂ ᠵᠢᠮ᠎ᠡ ᠶᠣᠰᠣ ᠶᠢ ᠣᠶᠢᠯᠠᠭᠠᠭᠤᠯᠵᠤ᠂ ᠴᠢᠭᠯᠡᠯ ᠢ ᠲᠣᠳᠣᠷᠬᠠᠶᠢᠯᠠᠵᠤ᠂ ᠠᠷᠭ᠎ᠠ ᠶᠢ ᠰᠤᠷᠤᠯᠴᠠᠭᠤᠯᠵᠤ᠂ ᠤᠶᠤᠨ ᠤᠬᠠᠭᠠᠨ ᠢ ᠨᠡᠮᠡᠭᠳᠡᠭᠦᠯᠵᠦ᠂ ᠰᠠᠭᠤᠷᠢ ᠶᠢ ᠪᠠᠬᠢᠵᠢᠭᠦᠯᠦᠨ ᠦᠨᠳᠦᠰᠦ ᠶᠢ ᠪᠠᠲᠤᠳᠬᠠᠵᠤ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠭᠡᠷᠡᠭᠳᠠᠢ︔ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ᠂ ᠳᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠭᠡᠷᠡᠭᠲᠡᠢ︔ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠯᠪᠡᠷᠢᠴᠢ    ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠭᠡᠷᠡᠭᠲᠡᠶ︔ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠲᠡᠢ︔ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠨ᠂ ᠪᠣᠳᠠᠲᠠᠢ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠳᠤ ᠤᠷᠢᠳ ᠬᠤᠵᠢᠳ 3 ᠤᠳᠠᠭ᠎ᠠ ᠵᠠᠰᠠᠪᠤᠷᠢ ᠣᠷᠣᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠬᠰᠠᠨ ᠰᠢᠰᠲ᠋ᠧᠮ ᠢ    ᠲᠡᠭᠦᠯᠳᠡᠷᠵᠢᠭᠦᠯᠪᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠡᠭᠦᠷᠭᠡ ᠪᠤᠯᠭᠠᠵᠤ᠂ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠵᠤ᠂ ᠣᠨᠣᠪᠴᠢᠲᠠᠢ ᠪᠤᠯᠭᠠᠵᠤ᠂ ᠪᠠᠶᠢᠩᠭᠤᠵᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠨᠡᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠶᠢᠨ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠪᠣᠯᠣᠨ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠪᠠᠷ ᠴᠠᠭᠳᠠᠨ ᠪᠠᠶᠢᠴᠠᠭᠠᠯᠲᠠ ᠶᠢ ᠳᠠᠭᠠᠭᠤᠯᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠬᠢᠨᠠᠯᠲᠠ ᠲᠠᠯᠪᠢᠬᠤ ᠲᠣᠣᠷ ᠢ ᠯᠠᠪᠳᠠᠭᠤᠨ ᠪᠠᠲᠤᠲᠠᠢ ᠨᠠᠷᠢᠯᠢᠭ ᠰᠦᠯᠵᠢᠬᠦ ᠬᠡᠷᠡᠭᠲᠡᠢ᠃ ︽ᠳᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠡᠩᠨᠡᠭᠡ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠵᠢᠷᠤᠮᠵᠢᠬᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号