ᠶᠢᠨ ᠶᠦᠩ ᠯᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/2/8
    ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃        ᠶᠢᠨ ᠶᠦᠩ ᠯᠢ ᠤᠷᠢᠳ ᠬᠤᠵᠢᠳ ᠷᠤ᠋ ᠵᠢᠶᠠ ᠨᠠᠰᠤᠲᠠᠨ ᠢ ᠠᠰᠠᠷᠠᠬᠤ ᠬᠦᠷᠢᠶᠡᠯᠡᠩ᠂ ᠾᠧ ᠲᠠᠩ ᠶᠤᠸᠠᠢ ᠰᠧ ᠬᠤᠭᠤᠯᠠᠨ ᠬᠡᠷ᠂ ᠸᠠᠩ ᠹᠦ᠋ ᠵᠢᠩ ᠤᠨ ᠱᠸᠤ ᠬᠠᠩ ᠬᠠᠮ ᠳᠡᠯᠭᠡᠭᠦᠷ᠂ ᠰᠢᠩ ᠺᠦᠩ ᠯᠢᠶᠠᠨ ᠮᠧᠩ ᠰᠦᠯᠵᠢᠶᠡᠨ ᠪᠠᠭᠠᠷ ᠵᠡᠷᠭᠡ ᠲᠠᠯᠠᠪᠤᠷ ᠭᠠᠵᠠᠷ ᠲᠤ ᠬᠦᠷᠴᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠬᠡ ᠲᠠᠩᠰᠠ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠢᠲᠠᠮᠠᠬᠠᠶ ᠬᠡᠶ ᠶᠢᠨ ᠬᠡᠷᠡᠭᠯᠡᠯᠲᠡ ᠵᠢᠴᠢ ᠬᠢᠨᠠᠨ ᠡᠵᠡᠮᠳᠡᠬᠦ ᠸᠢᠳᠢᠤ᠋ ᠶᠢᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠤᠯᠬᠦᠢ ᠦᠶᠯᠡᠳᠪᠦᠷᠢᠯᠡᠯ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠬᠠᠷᠢᠭᠤᠴᠠᠯᠭᠠᠲᠤ    ᠨᠢᠭᠡᠴᠢ ᠳᠤ ᠢᠯᠡᠷᠡᠭᠦᠯᠦᠭᠰᠡᠨ ᠠᠰᠠᠭᠤᠳᠠᠯ ᠢᠶᠠᠨ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ ᠬᠡᠮ ᠰᠣᠭᠤᠭ ᠢ ᠶᠠᠭᠠᠬᠢᠭᠰᠠᠨ ᠴᠤ ᠠᠳᠡᠯ ᠪᠣᠯᠭᠠᠵᠤ ᠪᠣᠯᠬᠤ ᠥᠬᠡᠶ ᠭᠡᠵᠦ ᠱᠠᠭᠠᠷᠳᠠᠪᠠ᠃     ᠶᠢᠨ ᠶᠦᠩ ᠯᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠬᠡᠪᠴᠢᠶᠠᠨ ᠳᠤ ᠡᠭᠦᠰᠦᠭᠰᠡᠨ ᠬᠤᠯᠪᠣᠭᠳᠠᠯ ᠪᠦᠬᠦᠢ ᠠᠳᠡᠯ ᠠᠴᠠ ᠭᠦᠨᠵᠡᠭᠡᠢ ᠰᠤᠷᠭᠠᠮᠵᠢ ᠠᠪᠴᠤ᠂    ᠤᠨ ᠤ ᠡᠴᠦᠰ ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠬᠡᠮ ᠰᠣᠭᠤᠭ ᠢ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠡᠭᠦᠰᠭᠦ ᠶᠢ ᠡᠷᠡᠰ ᠬᠤᠷᠢᠭᠯᠠᠵᠤ᠂ ᠪᠦᠬᠦ ᠲᠤᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠠᠮᠵᠢᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ︽ᠶᠢᠰᠦᠨ ᠵᠢᠵᠢᠭ ᠲᠠᠯᠠᠪᠤᠷ ᠭᠠᠵᠠᠷ︾᠂ ︽ᠲᠡᠭᠡᠷ᠎ᠡ ᠲᠠᠯ᠎ᠠ ᠳᠤᠨᠢ ᠤᠷᠤᠨ ᠰᠠᠭᠤᠴᠠ ᠲᠤᠤᠷ᠎ᠠ ᠲᠠᠯ᠎ᠠ ᠳᠤᠨᠢ ᠳᠡᠯᠭᠡᠭᠦᠷ ᠬᠤᠳᠠᠯᠳᠤᠭ᠎ᠠ ᠪᠠᠶᠢᠬᠤ︾ ᠵᠡᠷᠭᠡ ᠣᠯᠠᠨ ᠡᠵᠡᠩᠨᠡᠯᠲᠡ ᠶᠢᠨ ᠬᠡᠯᠪᠡᠷᠢ  ᠬᠤᠯᠢᠯᠳᠤᠨ ᠤᠷᠤᠰᠢᠵᠤ ᠦᠶᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠲᠠᠯᠠᠪᠤᠷ ᠭᠠᠵᠠᠷ ᠵᠢᠴᠢ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠭᠰᠠᠨ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠤᠬᠠᠭᠤᠯᠭ᠎ᠠ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠰᠠᠶᠢᠲᠤᠷ ᠬᠢᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ    ᠴᠢᠳᠠᠬᠤ︾ ᠶᠢ ᠦᠨᠡᠨ ᠬᠦ ᠪᠡᠶᠡᠯᠡᠭᠦᠯᠵᠦ᠂ ᠪᠥᠬᠦ ᠲᠤᠭᠤᠷᠢᠭ ᠤᠨ ᠠᠷᠠᠳ ᠲᠦᠮᠡᠨ ᠤ ᠠᠮᠤᠷ ᠠᠮᠤᠭᠤᠯᠠᠩ ᠡᠶ᠎ᠡ ᠵᠣᠬᠢᠴᠠᠩᠭᠤᠶ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠶᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠨᠢ ᠦᠶᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠵᠦᠶᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠯᠢᠭ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠬᠡᠪᠡ᠃       ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号