ᠲᠤᠭᠤᠷᠢᠭ ᠤᠨ ᠵᠠᠰᠠᠭ ᠤᠨ ᠣᠷᠳᠣᠨ ᠤ 2024 ᠣᠨ ᠤ ᠪᠦᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/8
    2 ᠰᠠᠷ᠎ᠠ ᠶᠢᠨ 7 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠵᠦᠩ ᠬᠤᠷᠠᠯ ᠢ ᠡᠷᠬᠢᠯᠡᠵᠦ᠂ ᠲᠤᠭᠤᠷᠢᠭ ᠤᠨ ᠤᠳᠤᠷᠢᠳᠤᠯᠭ᠎ᠠ ᠵᠠᠩ ᠬᠤᠸᠠ᠂ ᠡᠤ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠶᠠᠩ ᠶᠠᠩ᠂ ᠵᠧᠦ ᠬᠠᠢ ᠹᠸᠢ ᠬᠤᠷᠠᠯ ᠳᠤ ᠣᠷᠣᠯᠴᠠᠪᠠ᠃
    ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠵᠢᠴᠢ    ᠲᠤᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠴᠢᠬᠡᠴᠢ ᠵᠠᠰᠠᠭ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠪᠤᠷᠬᠠᠨᠲᠤ ᠪᠠᠯᠭᠠᠰᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃     ᠢᠦᠶ ᠵᠠᠨ ᠵᠢᠶᠠᠩ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠬᠦᠢᠴᠡᠳᠬᠡᠬᠦ ᠬᠦᠴᠦᠨ ᠢᠶᠠᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠨᠢᠬᠡᠨᠳᠡ ᠲᠣᠭᠲᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠪᠥᠬᠦ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ ᠲᠡᠮᠡᠴᠡᠬᠦ ᠬᠡᠷᠡᠭᠲᠡᠶ᠃ ᠪᠠᠶᠢᠷᠢᠰᠢᠯ ᠢ ᠥᠷᠭᠡᠳᠬᠡᠵᠦ᠂ ᠥᠨᠳᠥᠷ ᠪᠠᠷᠢᠮᠵᠢᠶ᠎ᠠ ᠪᠠᠷ ᠪᠠᠷᠢᠮᠵᠢᠶᠠᠯᠠᠵᠤ᠂ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶ ᠲᠣᠭᠲᠠᠭᠠᠵᠤ᠂ ᠠᠵᠢᠯ ᠢᠶᠠᠨ ᠨᠠᠷᠢᠨ ᠬᠢᠨᠠᠮᠠᠭᠠᠶ ᠰᠤᠳᠤᠯᠤᠨ ᠲᠦᠰᠦᠪᠯᠡᠵᠤ᠂ ᠬᠦᠴᠢᠷ ᠠᠰᠠᠭᠤᠳᠠᠯ ᠢ ᠵᠣᠷᠢᠭᠲᠠᠶ ᠪᠠᠷ ᠰᠢᠢᠳᠪᠦᠷᠢᠯᠡᠵᠦ᠂ ᠭᠤᠤᠯᠳᠠᠯᠭ᠎ᠠ ᠶᠢ ᠳᠣᠪᠤᠶᠢᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠠᠵᠤ ᠠᠬᠤᠢ ᠶᠢᠨ ᠡᠷᠭᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠬᠦᠴᠦ ᠪᠠᠷ ᠢᠶᠠᠨ ᠨᠡᠮᠡᠭᠳᠡᠭᠦᠯᠵᠦ᠂ ᠲᠡᠮᠦᠷ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠬᠢᠰᠬᠢᠪᠡᠯ ᠮᠥᠷ ᠲᠠᠢ ᠪᠠᠶᠢᠬᠤ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠲᠡᠷᠢᠭᠦᠨ ᠤ ᠬᠢ ᠶᠢ ᠲᠡᠮᠡᠴᠡᠬᠦ ᠶᠢ ᠠᠬᠢᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠪᠦᠯᠬᠦᠮᠳᠡᠨ ᠬᠠᠮᠵᠢᠯᠴᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠵᠤ ᠰᠢᠨ᠎ᠡ ᠬᠡᠪ ᠰᠤᠷᠲᠠᠯ ᠢ ᠪᠣᠶ ᠪᠣᠯᠭᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃     ᠢᠦᠶ ᠵᠠᠨ ᠵᠢᠶᠠᠩ᠂ ᠡᠯ᠎ᠡ ᠰᠠᠯᠠᠭ᠎ᠠ ᠮᠥᠴᠢᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠶᠢᠨ ᠲᠦᠢᠯ ᠤᠨ ᠴᠢᠬᠤᠯᠠ ᠴᠢᠨᠠᠷ ᠪᠠ ᠠᠬᠤᠶᠢᠴᠢ ᠲᠤᠯᠭᠠᠮ ᠰᠡᠳᠬᠢᠯᠭᠡ ᠶᠢ ᠭᠦᠨᠵᠡᠭᠡᠶ ᠲᠠᠨᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠷᠢᠭᠤᠨ ᠴᠢᠬᠡᠴᠢ ᠪᠠᠶᠢᠵᠤ ᠪᠡᠶ᠎ᠡ ᠪᠠᠨ ᠴᠢᠩᠭ᠎ᠠ ᠱᠠᠭᠠᠷᠳᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ ᠴᠢᠬᠡᠴᠢ ᠤᠪᠤᠷ ᠲᠦᠪ ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ᠃ ᠡᠬᠢᠯᠡᠯᠲᠡ ᠪᠣᠯ ᠳᠠᠷᠤᠢ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠳᠠᠷᠤᠢ ᠰᠢᠪᠲᠤᠯᠤᠯᠲᠠ ᠶᠢᠨ ᠲᠠᠶᠢᠨ ᠬᠡᠬᠦ ᠢᠲᠡᠭᠡᠯ ᠵᠣᠷᠢᠭ ᠪᠠ ᠲᠡᠮᠡᠴᠡᠯ ᠤᠨ ᠵᠣᠷᠢᠭ ᠢᠶᠠᠷ ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠵᠤ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠡᠷᠲᠡᠬᠡᠨ ᠪᠤᠴᠠᠵᠤ᠂ ᠪᠤᠭᠤᠲᠤ ᠶᠢᠨ ᠰᠦᠷ ᠬᠦᠴᠦᠨ ᠢ ᠲᠠᠬᠢᠨ ᠮᠠᠨᠳᠤᠭᠤᠯᠬᠤ ᠳᠤ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号