ᠨᠢᠭᠡ ᠳᠤ᠂ ᠨᠠᠮ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠠᠶᠢᠭᠤᠯᠤᠨ | ᠬᠦᠴᠦᠷᠬᠡᠭᠵᠢᠭᠦᠯᠪᠠ᠃ ᠬᠤᠪᠢᠰᠬᠠᠯ ᠤᠨ ᠥᠯᠢᠭᠡᠷ ᠴᠤᠭᠯᠠᠭᠤᠯᠬᠤ᠂ ᠴᠤᠭᠤᠷ ᠯᠢᠮᠪᠤ ᠶᠢᠨ ᠨᠠᠶᠢᠷᠠᠯ ᠭᠦᠭᠵᠢᠮ ᠵᠡᠷᠭᠡ | ᠬᠡᠯᠪᠡᠷᠢ ᠪᠠᠷ ᠣᠨᠣᠯ ᠤᠨ ᠰᠤᠷᠤᠯᠴᠠᠯᠭ᠎ᠠ᠂ ᠰᠠᠶᠢᠨ ᠳᠤᠷ᠎ᠠ ᠶᠢᠨ ᠦᠶᠯᠡᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠪᠡ᠃ | ᠤᠳᠤᠬᠠᠨ ᠪᠣᠯᠲᠠᠯ᠎ᠠ᠂ ᠨᠡᠶᠢᠲᠡ 20 ᠭᠠᠷᠤᠶ ᠤᠳᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠵᠦ᠂ 2100 ᠭᠠᠷᠤᠶ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠬᠤᠶᠠᠷ ᠲᠤ᠂ ᠡᠬᠢ ᠪᠠᠶᠠᠯᠢᠭ ᠤᠨ | ᠬᠠᠮᠲᠤᠷᠠᠨ ᠬᠥᠳᠡᠯᠦᠯᠴᠡᠬᠦ ᠦᠢᠯᠡᠳᠦᠯ ᠴᠢᠳᠠᠪᠤᠷᠢ ᠶᠢ ᠪᠠᠳᠠᠷᠠᠭᠤᠯᠪᠠ᠃ ᠭᠡᠷ ᠲᠡᠭᠡᠨ ᠰᠠᠭᠤᠵᠤ ᠪᠠᠶᠢᠭ᠎ᠠ | ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠥᠷᠲᠡᠭᠡ ᠶᠢ 1 ᠪᠠᠶᠢᠭᠤᠯᠵᠤ᠂ 600 ᠭᠠᠷᠤᠢ | ᠨᠠᠰᠤᠲᠠᠶᠢᠴᠤᠳ ᠲᠤ ᠢᠳᠡᠭᠡᠨ ᠤᠮᠳᠠᠭᠠᠨ᠂ ᠡᠷᠡᠭᠦᠯ ᠮᠡᠨᠳᠦ ᠵᠡᠷᠭᠡ ᠲᠠᠯ᠎ᠠ ᠶᠢᠨ ᠬᠠᠶᠢᠷ᠎ᠠ ᠬᠠᠯᠠᠮᠵᠢ ᠬᠦᠷᠳᠡᠭᠡᠪᠡ︔ | ᠬᠥᠨᠳᠡᠯᠡᠨ ᠲᠣᠭᠤᠷᠢᠭ ᠤᠨ ᠤᠷᠠᠯᠢᠭᠴᠢᠳ ᠤᠨ ᠨᠡᠶᠢᠭᠡᠮᠯᠢᠭ ᠢ ᠣᠷᠣᠭᠤᠯᠤᠨ ᠠᠪᠴᠢᠷᠠᠵᠤ ᠨᠡᠶᠢᠭᠡᠮ ᠲᠣᠭᠤᠷᠢᠭ ᠤᠨ | ᠹᠠᠩ ᠼᠤᠤ ᠬᠤᠷᠢᠶ᠎ᠠ ᠶᠢᠨ ᠴᠠᠭᠠᠰᠤᠨ ᠬᠠᠶᠢᠴᠢᠯᠠᠮᠠᠯ ᠤᠨ ᠦᠢᠯᠡᠳᠬᠡᠯ ᠤᠨ ᠭᠠᠵᠠᠷ ᠢ ᠡᠵᠡᠩᠨᠡᠵᠤ᠂ ᠰᠠᠭᠤᠭᠠᠯᠢ | ᠠᠷᠠᠳ ᠲᠤ ᠤᠷᠠᠯᠢᠭ ᠤᠨ ᠲᠠᠯ᠎ᠠ ᠪᠠᠷ ᠬᠠᠷᠢᠯᠴᠠᠨ ᠬᠦᠳᠡᠯᠦᠯᠴᠡᠬᠦ ᠲᠠᠪᠴᠠᠩ ᠢ ᠬᠠᠩᠭᠠᠪᠠ᠃ ᠭᠤᠷᠪᠠ ᠳᠤ᠂ | ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠪᠠ᠃ ᠬᠡᠦᠬᠡᠳ ᠤᠨ ᠭᠠᠷ ᠤᠷᠠᠯᠠᠯ ᠤᠨ | ᠬᠥᠳᠡᠯᠭᠡᠭᠡᠨ ᠤ ᠲᠠᠰᠤᠭ ᠢ ᠨᠡᠭᠡᠭᠡᠨ ᠬᠥᠭᠵᠢᠭᠦᠯᠵᠦ᠂ ᠰᠤᠷᠭᠠᠭᠤᠯᠢ ᠪᠠ ᠨᠡᠶᠢᠬᠡᠮ ᠲᠤᠭᠤᠷᠢᠭ ᠤᠨ ᠬᠤᠯᠪᠣᠭᠠᠯᠠᠨ | ᠬᠥᠳᠡᠯᠦᠯᠴᠡᠬᠦ ᠶᠢ ᠥᠷᠨᠢᠭᠦᠯᠪᠡ︔ ᠨᠡᠶᠢᠭᠡᠮ ᠲᠣᠭᠤᠷᠢᠭ ᠤᠨ ᠨᠣᠮ ᠤᠨ ᠰᠠᠩ᠂ ᠳᠠᠪᠲᠠᠯᠭ᠎ᠠ ᠶᠢᠨ ᠦᠷᠦᠬᠡ ᠶᠢ | ᠪᠠᠶᠢᠭᠤᠯᠵᠤ᠂ ᠬᠤᠷᠢᠶᠠᠯᠠᠯ ᠳᠤ ᠰᠢᠲᠠᠷ᠎ᠠ ᠪᠠ ᠬᠥᠵᠥᠷ ᠤᠨ ᠦᠷᠦᠬᠡ᠂ ᠤᠷᠠᠨ ᠪᠢᠴᠢᠯᠭᠡ ᠤᠷᠠᠨ ᠵᠢᠷᠤᠭ ᠤᠨ | ᠦᠷᠦᠭᠡ ᠵᠡᠷᠭᠡ ᠬᠡᠷ ᠳᠣᠲᠣᠷᠠᠬᠢ ᠬᠦᠳᠡᠯᠭᠡᠭᠡᠨ ᠤ ᠣᠷᠣᠨ ᠵᠠᠶ ᠬᠠᠩᠭᠠᠵᠤ ᠦᠭᠬᠦᠨ᠂ ᠨᠡᠶᠢᠲᠡ 500 ᠭᠠᠷᠤᠶ | ᠲᠡᠭᠰᠢ ᠳᠥᠷᠪᠡᠯᠵᠢᠨ ᠮᠧᠲᠷ ᠪᠣᠯᠪᠠ᠃ ︵ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |