ᠬᠤᠲᠠ ᠶᠢᠨ ᠵᠠᠰᠠᠭ ᠶᠢᠨ ᠵᠡᠭᠦᠨ ᠵᠠᠮ ᠵᠡᠭᠡᠯᠢ ᠭᠤᠳᠤᠮᠵᠢ ︽ᠳ᠋ᠧᠩ ᠢ ᠠᠵᠢᠬᠯᠠᠵᠤ ᠬᠠᠶᠢᠷ᠎ᠠ ᠬᠠᠯᠠᠮᠵᠢ ᠬᠦᠷᠬᠡᠬᠦ︾ ᠲᠠᠪᠤᠨ ᠨᠢᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/2/9
     ᠨᠢᠭᠡ ᠳᠤ᠂ ᠵᠡᠭᠡᠯᠢ ᠭᠤᠳᠤᠮᠵᠢ ᠪᠠᠷ ᠰᠦᠯᠵᠢᠯᠳᠦᠨ ᠲᠣᠭᠤᠷᠢᠨ ᠦᠵᠡᠨ᠎ᠡ᠃ ᠵᠡᠭᠡᠯᠢ ᠭᠤᠳᠤᠮᠵᠢ ᠶᠢᠨ ᠺᠠᠳ᠋ᠷ᠂ ᠨᠡᠶᠢᠭᠡᠮ ᠲᠣᠭᠤᠷᠢᠭ ᠤᠨ ᠲᠤᠤᠷᠵᠢᠭᠤᠯᠤᠯᠳᠠ ᠶᠢᠨ ᠠᠵᠢᠯᠲᠠᠨ ᠵᠡᠷᠭᠡ ᠶᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠭᠡᠷ ᠳᠣᠲᠣᠷᠠᠬᠢ ᠭᠡᠷᠡᠯᠳᠦᠬᠦᠯᠬᠡ ᠶᠢᠨ ᠳ᠋ᠧᠩ᠂ ᠭᠡᠷ ᠤᠨ ᠭᠠᠳᠠᠨᠠᠬᠢ ᠰᠡᠷᠡᠮᠵᠢ ᠶᠢᠨ ᠳ᠋ᠧᠩ ᠪᠠ ᠦᠵᠡᠮᠵᠢ ᠶᠢᠨ ᠳ᠋ᠧᠩ ᠤᠨ ᠭᠡᠮ ᠰᠤᠭᠤᠭ ᠤᠷᠤᠰᠢᠵᠤ ᠪᠠᠢᠬᠤ ᠡᠰᠡᠬᠦ ᠶᠢ ᠪᠠᠶᠢᠴᠠᠭᠠᠨ ᠠᠵᠢᠭᠯᠠᠪᠠ᠃ ᠣᠲᠣ    ᠪᠣᠯᠲᠠᠯ᠎ᠠ᠂ ᠰᠡᠳᠬᠢᠯ ᠢ ᠳᠤᠯᠠᠭᠠᠴᠠᠭᠤᠯᠬᠤ 45 ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠨᠡᠶᠢᠲᠡ 122 ᠰᠠᠶᠢᠨ ᠳᠤᠷ᠎ᠠ ᠶᠢᠨ ᠠᠵᠢᠯᠯᠠᠭᠴᠢ ᠣᠷᠣᠯᠴᠠᠵᠤ᠂ ᠨᠡᠶᠢᠲᠡ 21 ᠤᠳᠠᠭ᠎ᠠ ᠶᠢᠨ ᠲᠥᠪᠯᠡᠷᠡᠩᠭᠦᠶ ᠠᠵᠢᠯᠯᠠᠭ᠎ᠠ ᠶᠢ ᠥᠷᠨᠢᠭᠦᠯᠪᠡ᠃ ᠬᠤᠶᠠᠷ ᠲᠤ᠂ ᠡᠮᠦᠨ᠎ᠡ ᠹᠷᠤᠨᠲ ᠲᠤ ᠬᠦᠨᠵᠡᠭᠡᠶᠢᠷᠡᠨ ᠰᠤᠷᠪᠤᠯᠵᠢᠯᠠᠪᠠ᠃ ᠦᠢᠯᠡᠴᠢᠯᠡᠭᠡᠨ ᠤ ᠵᠢᠵᠢᠭ ᠠᠩᠭᠢ ᠨᠡᠶᠢᠲᠡ 154 ᠡᠷᠦᠬᠡ ᠰᠠᠭᠤᠭᠠᠯᠢ ᠠᠷᠠᠳ ᠢ ᠰᠤᠷᠪᠤᠯᠵᠢᠯᠠᠵᠤ᠂ ᠰᠠᠭᠤᠭᠠᠯᠢ ᠠᠷᠠᠳ ᠤᠨ ᠪᠣᠯᠪᠠᠰᠤᠨ ᠪᠤᠰᠤ ᠦᠢᠯᠡ ᠠᠵᠢᠯᠯᠠᠭ᠎ᠠ ᠵᠡᠷᠭᠡ 32 ᠠᠰᠠᠭᠤᠳᠠᠯ ᠢ ᠢᠯᠡᠷᠡᠭᠦᠯᠵᠦ᠂ ︽ᠡᠶᠡᠯᠳᠡᠭ ᠬᠥᠷᠰᠢ ᠶᠢᠨ ᠨᠥᠬᠦᠷᠰᠡᠭ    ᠬᠠᠷᠢᠴᠠᠭ᠎ᠠ · ᠬᠤᠳᠠ ᠶᠢᠨ ᠵᠠᠰᠠᠭ ᠤᠨ ᠵᠡᠭᠦᠨ ᠵᠠᠮ ᠳᠠᠬᠢ ᠬᠠᠶᠢᠷ᠎ᠠ ᠬᠠᠯᠠᠮᠵᠢ ᠬᠦᠷᠭᠡᠵᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠺᠠᠷᠲ︾ 200 ᠭᠠᠷᠤᠶ ᠶᠢ ᠲᠠᠷᠬᠠᠭᠠᠪᠠ᠃ ᠭᠤᠷᠪᠠ ᠳᠤ᠂ ᠬᠠᠩᠬᠢᠨᠠᠮ᠎ᠠ ᠲᠠᠭᠤ ᠪᠠᠷ ᠲᠡᠶᠢᠯᠪᠤᠷᠢᠯᠠᠨ ᠤᠬᠠᠭᠤᠯᠪᠠ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠭᠡᠷ ᠲᠤᠨᠢ ᠬᠦᠷᠭᠡᠵᠦ᠂ ︽ᠨᠣᠮ ᠪᠢᠴᠢᠭ ᠢ ᠭᠡᠷ ᠲᠤᠨᠢ ᠬᠦᠷᠭᠡᠬᠦ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ︾ ᠠᠵᠢᠯᠯᠠᠭ᠎ᠠ ᠶᠢ ᠨᠡᠶᠢᠲᠡ 40 ᠭᠠᠷᠤᠶ ᠤᠳᠠᠭ᠎ᠠ ᠥᠷᠨᠢᠭᠦᠯᠪᠡ᠃ ᠳᠥᠷᠪᠡ ᠳᠤ᠂ ᠡᠭᠦᠷᠭᠡ ᠬᠠᠷᠢᠭᠤᠴᠠᠯᠭ᠎ᠠ ᠡᠭᠦᠷᠭᠡᠯᠡᠨ ᠤᠴᠢᠷ ᠶᠠᠪᠤᠳᠠᠯ ᠢ ᠬᠦᠢᠴᠡᠳᠭᠡᠬᠦ᠃ ᠰᠠᠭᠤᠭᠠᠯᠢ ᠠᠷᠠᠳ ᠤᠨ ᠳᠤᠷᠠᠳᠤᠭᠰᠠᠨ ︽ᠠᠰᠠᠭᠤᠳᠠᠯ ᠤᠨ ᠨᠠᠷᠢᠨ ᠲᠠᠩᠰᠠ︾ ᠶᠢ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ᠂ ᠨᠠᠰᠤᠲᠠᠶᠢᠴᠤᠳ ᠲᠤ ᠠᠰᠢᠭ ᠬᠦᠷᠲᠡᠭᠡᠬᠦ ᠵᠡᠮᠳᠡᠭᠴᠦᠳ ᠲᠤ ᠠᠰᠢᠭ ᠬᠦᠷᠲᠡᠭᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠢ ᠬᠠᠪᠰᠤᠷᠤᠨ ᠭᠡᠷᠡᠴᠢᠯᠡᠭᠡ ᠬᠢᠯᠬᠡᠬᠦ᠂ ᠵᠠᠷ ᠮᠡᠳᠡᠭᠡ ᠨᠡᠶᠢᠲᠡᠯᠡᠬᠦ ᠵᠡᠷᠭᠡ 18 ᠠᠰᠠᠭᠤᠳᠠᠯ ᠢ ᠰᠢᠢᠳᠪᠦᠷᠢᠯᠡᠵᠦ᠂ ᠪᠣᠬᠢᠷ ᠤᠰᠤ ᠭᠠᠳᠠᠬᠰᠢᠯᠠᠭᠤᠯᠬᠤ ᠬᠤᠭᠤᠯᠠᠢ ᠪᠦᠭᠯᠡᠷᠡᠭᠰᠡᠨ ᠢ ᠰᠢᠯᠤᠭᠤᠳᠬᠠᠬᠤ᠂ ᠠᠰᠠᠷ ᠤᠨ ᠭᠤᠳᠤᠮᠵᠢ ᠶᠢ ᠬᠡᠷᠡᠯᠳᠦᠬᠦᠯᠬᠦ ᠵᠡᠷᠭᠡ 9 ᠠᠰᠠᠭᠤᠳᠠᠯ ᠢ ᠰᠢᠢᠳᠪᠦᠷᠢᠯᠡᠪᠡ᠃ ᠲᠠᠪᠤ ᠳᠤ᠂ ᠦᠯᠢᠭᠡᠷ ᠳᠠᠭᠤᠷᠢᠶᠠᠯ ᠦᠵᠡᠬᠦᠯᠳᠡᠯ᠎ᠡ ᠬᠢᠵᠦ ᠦᠨᠡᠯᠡᠪᠡ᠃ ︽ᠬᠤᠤᠰ ᠦᠨᠡᠯᠡᠯᠲᠡ︾ ᠶᠢᠨ ᠲᠣᠭᠲᠠᠴᠠ ᠶᠢ ᠪᠠᠶᠢᠭᠤᠯᠵᠤ᠂ ᠠᠰᠠᠭᠤᠯᠲᠠ ᠬᠠᠷᠢᠭᠤᠯᠳᠠ ᠶᠢᠨ ᠬᠠᠭᠤᠳᠠᠰᠤ ᠴᠤᠭᠯᠠᠭᠤᠯᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠪᠠᠶᠢᠴᠠᠭᠠᠪᠠ︔ ᠤᠷᠮᠠᠰᠢᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠰᠠᠶᠢᠨ ᠬᠥᠮᠦᠨ︾ ᠪᠣᠯᠬᠤ ᠪᠠᠷ ᠴᠢᠷᠮᠠᠶᠢᠪᠠ᠃ ︵ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号