ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠶᠠᠪᠤᠳᠠᠯ ᠤᠨ ᠲᠡᠮᠳᠡᠭᠯᠡᠯ  ︵2023 ᠣᠨ ᠤ 11— 12 ᠰᠠᠷ᠎ᠠ︶
ᠨᠡᠶᠢᠲᠡᠯᠡᠭᠰᠡᠨ ᠴᠠᠭ᠄
2024/2/9
    11 ᠰᠠᠷ᠎ᠠ ᠶᠢᠨ 2 ᠤᠨ ᠡᠳᠦᠷ᠂ ᠪᠥᠬᠦ ᠲᠣᠭᠤᠷᠢᠭ ᠤᠨ ︽ᠬᠠᠭᠤᠴᠢᠨ ᠪᠠᠶᠢᠰᠢᠩ ᠬᠡᠷ︾ ᠢ ᠥᠭᠡᠷᠡᠴᠢᠯᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠬᠠᠭᠤᠴᠢᠨ ᠪᠠᠶᠢᠰᠢᠩ ᠬᠡᠷ﹀ ᠢ ᠥᠭᠡᠷᠡᠴᠢᠯᠡᠨ ᠪᠠᠶᠢᠭᠤᠯᠬᠤ ᠠᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     11 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ︿ᠬᠠᠭᠤᠴᠢᠨ ᠪᠠᠶᠢᠰᠢᠩ       ᠬᠡᠷ﹀ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠳᠤ ᠨᠥᠬᠦᠪᠥᠷᠢ ᠥᠭᠬᠦ ᠲᠥᠰᠦᠯ︾᠂ ︽ᠬᠥᠨᠳᠡᠯᠡᠨ ᠲᠣᠭᠤᠷᠢᠭ ᠤᠨ ︿ᠬᠠᠭᠤᠴᠢᠨ ᠪᠠᠶᠢᠰᠢᠩ ᠬᠡᠷ﹀ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠡᠳ᠋ ᠬᠥᠷᠥᠩᠭᠡ ᠪᠠᠷ ᠥᠷᠢ ᠥᠭᠴᠡᠭᠡ ᠶᠢ ᠰᠢᠳᠪᠦᠷᠢᠯᠡᠨ ᠠᠷᠢᠯᠭᠠᠬᠤ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠭᠦᠸᠧ ᠵᠢᠶᠦ᠋ᠨ ᠮᠧᠶ ᠵᠡᠷᠭᠡ ᠨᠥᠬᠦᠳ ᠤᠨ ᠲᠤᠰᠢᠶᠠᠯ ᠤᠨ ᠲᠠᠰ ᠲᠤ ᠲᠣᠬᠢᠷᠠᠭᠤᠯᠤᠯᠲᠠ ᠬᠢᠬᠦ ᠬᠤᠯᠪᠣᠭᠳᠠᠯ ᠪᠥᠬᠦᠶ ᠶᠠᠪᠤᠳᠠᠯ︾ ᠢ ᠰᠤᠳᠤᠯᠵᠤ ᠬᠢᠨᠠᠨ ᠵᠥᠪᠯᠡᠪᠡ︔ ᠳᠠᠬᠢᠨ ᠪᠠᠯᠠ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠣᠬᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠤᠲᠠ ᠶᠢᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠲᠣᠭᠤᠷᠢᠭ ᠤᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽11·8︾ ᠤ ᠠᠶᠤᠯᠬᠦᠢ ᠦᠢᠯᠡᠳᠪᠦᠷᠢᠯᠡᠯ ᠤᠨ ᠠᠳᠡᠯ ᠤᠨ ᠪᠠᠶᠢᠳᠠᠯ ᠢ ᠵᠠᠷᠯᠠᠨ ᠮᠡᠳᠡᠭᠳᠡᠵᠤ᠂ ᠳᠠᠷᠠᠭᠠᠴᠢ ᠶᠢᠨ ᠠᠯᠬᠤᠮ ᠤᠨ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃     12 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ  ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠢᠴᠢ ᠭᠠᠮᠲᠠᠶ ᠠᠮᠢᠳᠤᠷᠠᠬᠤ ᠱᠠᠭᠠᠷᠳᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠭᠤᠲᠤ ᠬᠤᠲᠠ ᠶᠢᠨ ᠠᠵᠢᠯ ᠤᠨ ᠲᠥᠰᠦᠯ︾᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ  ᠶᠢᠨ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ 11 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽2023 ᠣᠨ ᠤ ᠬᠥᠨᠳᠡᠯᠡᠨ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠤᠷᠤᠰᠬᠠᠵᠤ ᠶᠡᠷᠦᠩᠬᠡᠶᠢᠯᠡᠨ ᠵᠠᠰᠠᠬᠤ ᠲᠤᠬᠠᠢ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠨᠡᠭᠦᠷᠡᠰᠦᠳᠦ᠋ᠷᠦᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠬᠦᠷᠬᠡᠨ ᠬᠢᠨᠠᠭᠤᠯᠬᠤ       ᠨᠤᠤᠷᠠᠭ︶︾᠂ ︽ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ       ᠨᠤᠤᠷᠠᠭ︶︾᠂ ︽ᠣᠶᠤᠨᠴᠢ ᠦᠢᠯᠡᠳᠬᠦ ᠦᠢᠯᠡᠰ ᠤᠨ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠬᠤᠷᠠᠮᠠᠯ ᠴᠠᠬᠢᠯᠭᠠᠨ ᠬᠡᠯᠬᠢᠶ᠎ᠡ ᠶᠢᠨ ᠴᠠᠬᠢᠮ ᠢᠯᠳᠠᠰᠦ ᠶᠢᠨ ᠠᠵᠤ ᠦᠢᠯᠡᠰ ᠤᠨ ᠲᠦᠷᠦᠯ ᠵᠦᠢᠯ ᠤᠨ ᠪᠡᠯᠡ ᠤᠷᠤᠭᠤᠯᠬᠤ ᠨᠦᠬᠦᠪᠦᠷᠢ ︵ᠬᠦᠷᠬᠡᠨ ᠬᠢᠨᠠᠭᠤᠯᠬᠤ ᠨᠤᠤᠷᠠᠭ︶ ᠬᠡᠯᠡᠯᠴᠡᠭᠡᠷ︾︔ ︽ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠷᠠᠳ ᠲᠦᠮᠡᠨ ᠤ ᠤᠶᠤᠨ ᠤᠬᠠᠭᠠᠨ ᠤ ᠡᠨᠧᠷᠬᠢ  ᠶᠢᠨ ᠬᠢᠵᠠᠭᠠᠷᠲᠤ ᠺᠤᠮᠫᠠᠨᠢ ᠶᠢᠨ10GW ᠤᠨ ᠨᠠᠶᠢᠯᠠᠮᠠᠯ ᠲᠡᠮᠦᠷᠯᠢᠭ ᠤᠨ ᠡᠨᠧᠷᠬᠢ ᠬᠠᠳᠠᠭᠠᠯᠠᠬᠤ ᠳ᠋ᠢᠶᠠᠨ ᡂᠢ ᠶᠢᠨ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠤᠨ ᠪᠢᠴᠢᠭ ︵ᠬᠦᠷᠬᠡᠨ ᠬᠢᠨᠠᠭᠤᠯᠬᠤ ᠨᠤᠤᠷᠠᠭ︶︾ ︽ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ ︵ᠬᠦᠷᠬᠡᠨ ᠬᠢᠨᠠᠭᠤᠯᠬᠤ ᠨᠤᠤᠷᠠᠭ︶︾ ᠶᠢ ᠰᠤᠳᠤᠯᠤᠨ ᠬᠢᠨᠠᠨ ᠵᠦᠪᠯᠡᠪᠡ︔ 2023 ᠣᠨ ᠤ ᠪᠥᠬᠦ ᠲᠤᠭᠤᠷᠢᠭ ᠤᠨ ᠬᠤᠯᠪᠣᠭᠳᠠᠯ ᠪᠥᠬᠦᠶ ᠲᠤᠰᠬᠠᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠢᠯᠴᠢ ᠬᠠᠩᠭᠠᠬᠤ ᠪᠠᠲᠤᠯᠠᠭ᠎ᠠ ᠶᠢᠨ ᠪᠠᠯᠠ ᠮᠥᠩᠭᠦ ᠶᠢᠨ ᠲᠥᠰᠦᠪ ᠢ ᠨᠡᠮᠡᠭᠳᠡᠭᠦᠯᠦᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠰᠢᠶᠠᠩ ᠪᠠᠯᠭᠠᠰᠤᠨ ᠤ ᠨᠥᠬᠦᠪᠥᠷᠢ ᠳᠤ ᠳᠣᠭᠢᠷᠠᠭᠤᠯᠤᠯᠳᠠ ᠬᠢᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠦᠭᠰᠡᠨ ᠬᠠᠮᠢᠶ᠎ᠠ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠵᠦ ᠤᠯᠤᠬᠰᠠᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠬᠡᠷᠡᠭᠯᠡᠭᠰᠡᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ︽ᠬᠠᠭᠤᠴᠢᠨ ᠪᠠᠶᠢᠰᠢᠩ ᠬᠡᠷ︾ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠳᠤ ᠤᠷᠤᠭᠤᠯᠬᠤ ᠲᠤᠬᠠᠢ ᠬᠠᠮᠢᠶ᠎ᠠ ᠪᠥᠬᠦᠶ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     12 ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ 12 ᠰᠠᠷ᠎ᠠ ᠶᠢᠨ 8 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽︿ᠬᠥᠨᠳᠡᠯᠡᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ       ᠬᠥᠲᠥᠯᠪᠦᠷᠢ﹀ ᠶᠢᠨ ᠳᠤᠮᠳᠠ ᠬᠤᠭᠤᠴᠠᠭᠠᠨ ᠤ ᠦᠨᠡᠯᠡᠯᠲᠡ ᠬᠢᠭᠰᠡᠨ ᠮᠡᠳᠡᠭᠦᠯᠦᠯᠲᠡ ︵ᠬᠦᠷᠬᠡᠨ ᠬᠢᠨᠠᠭᠤᠯᠬᠤ ᠨᠤᠤᠷᠠᠭ︶︾  ︽ᠬᠥᠨᠳᠡᠯᠡᠨ ᠲᠣᠭᠤᠷᠢᠭ ᠤᠨ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠦᠷᠳᠡᠭᠡᠮᠵᠢᠲᠦ ᠰᠢᠶᠠᠨ ︵ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠢ ᠴᠢᠨᠠᠬᠰᠢᠲᠠ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾ ︽ᠬᠥᠨᠳᠡᠯᠡᠨ ᠲᠣᠭᠤᠷᠢᠭ ᠤᠨ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠵᠢᠷᠤᠮᠵᠢᠩᠭᠤᠢ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ ︵ᠬᠦᠷᠬᠡᠨ ᠬᠢᠨᠠᠭᠤᠯᠬᠤ ᠨᠤᠤᠷᠠᠭ︶︾  ︽ᠪᠤᠭᠤᠲᠤ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠵᠤ ᠬᠢᠨᠠᠨ ᠵᠥᠪᠯᠡᠪᠡ︔ ᠬᠥᠨᠳᠡᠯᠡᠨ ᠲᠣᠭᠤᠷᠢᠭ ᠤᠨ ᠰᠦᠯᠵᠢᠶᠠᠨ ᠤ ᠪᠠᠷᠠᠭ᠎ᠠ ᠲᠡᠭᠡᠭᠡᠪᠦᠷᠢᠯᠡᠬᠦ ᠠᠵᠢᠯ ᠵᠢᠴᠢ ᠪᠠᠯᠠ ᠮᠥᠩᠭᠦ ᠶᠢᠨ ᠲᠥᠰᠦᠪ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠦᠨᠳᠡᠯᠡᠨ ᠭᠤᠤᠯ ᠪᠠᠯᠭᠠᠰᠤᠨ ᠤ ᠾᠧ ᠫᠢᠩ ᠲᠣᠰᠬᠤᠨ ᠤ ᠯᠢᠦ ᠡᠯ ᠭᠧ ᠯᠢᠶᠠᠩ ᠼᠦᠨ ᠲᠣᠰᠬᠤᠨ ᠤ ᠳᠤᠭᠤᠶᠢᠯᠠᠩ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠬᠤ ᠬᠥᠮᠦᠨ ᠤ ᠲᠤᠭ᠎ᠠ ᠶᠢ ᠨᠡᠮᠡᠭᠳᠡᠭᠦᠯᠦᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠴᠠᠭᠠᠨ ᠬᠤᠳᠠ ᠵᠢᠷᠭᠤᠳᠤᠭᠠᠷ ᠲᠣᠰᠬᠤᠨ ᠬᠢᠭᠡᠳ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠴᠢᠬᠢ ᠮᠣᠳᠣᠨ ᠤ ᠬᠦᠷᠢᠶᠡᠯᠡᠩ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠲᠤᠬᠠᠢ ᠲᠡᠦᠬᠡ ᠶᠢᠨ ᠦᠯᠡᠳᠡᠭᠳᠡᠯ ᠮᠠᠷᠭᠤᠯᠳᠤᠭᠠᠨ ᠤ ᠠᠰᠠᠭᠤᠳᠠᠯ ᠢ ᠰᠢᠢᠳᠪᠦᠷᠢᠯᠡᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠬᠤᠲᠠ ᠶᠢᠨ ᠪᠠᠭᠠᠴᠤᠳ ᠤᠨ ᠣᠷᠳᠣᠨ ︵ᠬᠠᠭᠤᠴᠢᠨ ᠪᠠᠭᠤᠷᠢ︶ ᠤ ᠡᠷᠬᠢᠨ ᠲᠣᠭᠤᠷᠢᠨ ᠤ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      12 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 19 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ  ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠪᠤᠭᠤᠲᠤ ᠬᠤᠳᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠲᠦᠷᠢᠮ︾ ᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ 2023 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠡᠬᠡ       ᠨᠤᠤᠷᠠᠭ︶ ᠤᠨ ᠮᠡᠳᠡᠭᠦᠯᠦᠯᠲᠡ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠲᠣᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ︵ᠬᠦᠷᠭᠡᠨ ᠬᠢᠨᠠᠭᠤᠯᠬᠤ       ᠨᠤᠤᠷᠠᠭ︶︾᠂ ︽ᠬᠥᠨᠳᠡᠯᠡᠨ ᠲᠣᠭᠤᠷᠢᠭ ᠤᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠪᠠᠯᠠ ᠭᠠᠷᠭᠠᠭᠴᠢ ᠶᠢᠨ ᠬᠢᠨᠠᠯᠲᠠ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠬᠠᠷᠢᠶ᠎ᠠ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠵᠦ ᠪᠠᠯᠠ ᠣᠷᠣᠭᠤᠯᠤᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠬᠡᠷᠡᠭᠵᠢᠭᠦᠯᠬᠦ ᠠᠷᠭ᠎ᠠ ︵ᠬᠦᠷᠬᠡᠨ ᠬᠢᠨᠠᠭᠤᠯᠬᠤ ᠨᠤᠤᠷᠠᠭ︶︾ ᠶᠢ ᠰᠤᠳᠤᠯᠤᠨ ᠬᠢᠨᠠᠨ ᠵᠦᠪᠯᠡᠪᠡ︔ ᠪᠥᠬᠦ ᠲᠤᠭᠤᠷᠢᠭ  ᠤᠨ ᠠᠵᠢᠯ ᠣᠯᠭᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠥᠬᠦ ᠲᠤᠭᠤᠷᠢᠭ ᠤᠨ ᠴᠠᠯᠢᠩ ᠬᠦᠯᠦᠰᠦ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠵᠦ ᠤᠯᠤᠬᠰᠠᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠬᠡᠷᠡᠭᠯᠡᠭᠰᠡᠨ ᠲᠤᠬᠠᠶ ᠬᠠᠷᠢᠭᠤ ᠮᠡᠳᠡᠭᠦᠯᠦᠯᠲᠡ᠂ ᠬᠡᠰᠡᠭ ᠠᠵᠤ ᠠᠬᠤᠶᠢᠯᠠᠯ ᠳᠤ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠪᠡᠶᠡᠯᠡᠭᠦᠯᠦᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠲᠠᠩᠰᠠ ᠡᠪᠬᠡᠮᠡᠯ ᠳᠤ ᠲᠤᠭᠠᠴᠢᠯᠠᠬᠰᠠᠨ ᠬᠠᠮᠢᠶᠠᠷᠤᠯᠳᠠ ᠶᠢ ᠪᠡᠶᠡᠯᠡᠬᠦᠯᠬᠦ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠤᠯᠤᠰ ᠤᠨ ᠬᠥᠮᠥᠷᠭᠡ ᠠᠴᠠ ᠲᠦᠷ ᠥᠭᠭᠦᠭᠰᠡᠨ ᠵᠣᠭᠤᠰ ᠢ ᠪᠤᠴᠠᠭᠠᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     12 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠠᠷᠪᠠᠨ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠵᠠᠢ ᠶᠦᠨ ᡂᠢ᠂ ᠯᠢᠦ ᠷᠦᠢ ᠯᠦᠩ᠂ ᠵᠧᠦ ᠰᠢᠤᠸᠠᠢ ᠯᠢᠶᠠᠩ᠂ ᠢᠦᠢ ᠷᠦᠢ ᠴᠢᠩ ᠬᠤᠷᠠᠯ ᠳᠤ ᠣᠷᠣᠯᠴᠠᠵᠠᠢ᠃     12 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ  ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠶ ᠬᠤᠲᠠ ᠶᠢᠨ ᠬᠤᠩ ᠺᠸᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠲᠤᠷᠠᠴᠤᠳ ᠲᠤ ᠥᠭᠭᠦᠭᠰᠡᠨ ᠬᠠᠷᠢᠭᠤ ᠵᠠᠬᠢᠳᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠤᠬᠠᠶ ᠲᠣᠭᠲᠠᠭᠠᠯ ᠤᠳ ᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠤᠭᠤᠮᠳᠠ ᠰᠢᠪᠲᠤᠯᠬᠤ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠪᠤᠭᠤᠲᠤ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠭᠡᠨ ᠬᠢᠨᠠᠭᠤᠯᠬᠤ ᠨᠤᠤᠷᠠᠭ︶︾᠂ ︽ᠲᠣᠭᠠᠴᠢᠯᠠᠭᠰᠠᠨ ᠪᠠᠷᠠᠭᠠᠨ ᠤ ᠬᠦᠢᠯᠭᠡᠭᠡ ᠶᠢᠨ ᠦᠢᠯᠡᠴᠢᠯᠡᠬᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠾᠦ᠋ᠢ ᠱᠠᠨ ᠯᠢᠦᠶ ︵ᠵᠢᠶᠠᠩᠰᠦ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ ᠶᠢᠨ ᠡᠾᠦ᠋ᠢ ᠱᠠᠨ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠲᠣᠨᠣᠭᠯᠠᠯ  ︵ᠬᠠᠪᠢᠰᠦ︶ ᠤᠨ ᠦᠢᠯᠡᠳᠪᠦᠷᠢᠯᠡᠯ ᠤᠨ ᠰᠠᠭᠤᠷᠢᠨ ᠤ ᠪᠡᠯᠡ ᠤᠷᠤᠭᠤᠯᠬᠤ ᠬᠠᠮᠳᠤᠷᠠᠯᠴᠠᠭᠠᠨ ᠤ ᠵᠦᠪᠯᠡᠯᠴᠡᠭᠡᠷ ᠤᠨ ᠪᠢᠴᠢᠭ ︵ᠬᠦᠷᠭᠡᠨ ᠬᠢᠨᠠᠭᠤᠯᠬᠤ       ᠨᠤᠤᠷᠠᠭ︶︾ ᠢ ᠰᠤᠳᠤᠯᠤᠨ ᠬᠢᠨᠠᠨ ᠵᠦᠪᠯᠡᠪᠡ︔ ᠪᠦᠬᠦ ᠲᠤᠭᠤᠷᠢᠭ ᠤᠨ ᠨᠡᠶᠢᠭᠡᠮ ᠲᠣᠭᠤᠷᠢᠭ ᠤᠨ ᠠᠵᠢᠯᠳᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠬᠦ ᠲᠤᠬᠠᠢ ᠬᠠᠷᠢᠭᠤ ᠮᠡᠳᠡᠭᠦᠯᠦᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠤᠮᠳᠠ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠰᠢᠢᠳᠪᠦᠷᠢᠯᠡᠨ  ᠲᠠᠭᠤᠰᠬᠠᠬᠰᠠᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     12 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠬᠤᠷᠠᠯ ᠢ ᠡᠷᠭᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠲᠤᠰ ᠲᠤᠰ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠲᠤ᠂ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 21 ᠬᠥᠮᠦᠨ᠂ ᠣᠷᠣᠯᠠᠭᠴᠢ ᠭᠡᠰᠢᠭᠦᠨ 5 ᠬᠥᠮᠦᠨ ᠪᠤᠢ᠃ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠳᠠ᠂ ᠲᠤᠭᠤᠷᠢᠭ ᠤᠨ ᠬᠡᠰᠡᠭ ᠨᠠᠮ ᠤᠨ ᠲᠥᠯᠥᠭᠡᠯᠡᠭᠴᠢ ᠪᠣᠯᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠤ ᠠᠬᠤᠶ ᠶᠢᠨ ᠠᠵᠢᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠷᠠᠭ᠎ᠠ ᠪᠠᠨ ᠥᠷᠭᠡᠳᠬᠡᠨ ᠥᠨᠳᠥᠷ ᠪᠠᠷᠢᠮᠵᠢᠶ᠎ᠠ ᠲᠠᠢ ᠬᠠᠷᠭᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠠ ᠲᠣᠬᠢᠶᠠᠯ ᠢ ᠠᠮᠵᠢᠨ ᠴᠠᠭ ᠮᠦᠴᠡ ᠶᠢ ᠵᠠᠪᠳᠤᠨ ᠱᠠᠯᠠᠪᠳᠠᠨ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠯᠡᠪᠳᠡᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠰᠢᠨ᠎ᠡ ᠬᠥᠭᠵᠢᠯᠲᠡ ᠲᠠᠢ ᠪᠣᠯᠵᠣ᠂ ᠰᠢᠨ᠎ᠡ ᠳᠡᠭᠲᠡᠷ ᠲᠤ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠥᠬᠦᠳᠡ ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠥᠬᠦ ᠤᠯᠤᠰ ᠤᠨ ᠮᠢᠩᠭᠠᠨ ᠳ᠋ᠦᠩᠰᠢᠭᠤᠷ ᠤᠨ ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠤᠨ ᠨᠢᠭᠡ ᠪᠤᠯᠬᠤ ᠲᠡᠶᠢᠰᠢ ᠲᠦᠷᠭᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠰᠢᠨ᠎ᠡ ᠠᠶᠠᠨ ᠳᠤ ᠬᠥᠨᠳᠡᠯᠡᠨ ᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠲᠦᠭᠡᠶ ᠭᠡᠵᠦ ᠤᠷᠢᠶᠠᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号